ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢᠨ ᠲᠠᠪᠤᠳᠤᠭᠠᠷ ᠤᠳᠠᠭᠠᠨ ᠤ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/9
      ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠬᠤ᠂ ᠵᠤᠨ ᠤ ᠤᠯᠠᠷᠢᠯ ᠤᠨ ᠨᠡᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠰᠠᠶᠢᠳᠤᠷ ᠬᠢᠬᠦ᠂ ᠰᠠᠶᠢᠨ ᠰᠠᠶᠢᠬᠠᠨ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠪᠣᠢ ᠪᠣᠯᠭᠠᠬᠤ᠂ ᠠᠷᠠᠳ ᠣᠯᠠᠨ ᠤ ᠪᠡᠶ᠎ᠡ ᠮᠠᠬᠠᠪᠣᠳ᠂ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠤᠷᠴᠢᠮ ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠬᠤᠰᠢᠭᠤᠨ ᠤ ᠬᠡᠪᠴᠢᠶᠡᠨ ᠳᠤ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢᠨ ᠲᠠᠪᠤᠳᠤᠭᠠᠷ ᠤᠳᠠᠭᠠᠨ ᠤ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠪᠡ᠃ ᠡᠨᠡ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠢᠯᠯᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽856︾ ᠤ ᠪᠠᠶᠢᠩᠭᠤ ᠶᠢᠨ ᠲᠣᠭᠤᠷᠢᠨ ᠰᠡᠷᠭᠡᠶᠢᠯᠡᠬᠦ ᠲᠣᠭᠲᠠᠴᠠ ᠲᠠᠢ ᠤᠶᠠᠯᠳᠤᠭᠤᠯᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠠᠷᠢᠯᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠶᠢ ᠵᠥᠷᠢᠴᠡᠭᠰᠡᠨ ᠲᠤᠪᠤᠶᠢᠮ᠎ᠠ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠬᠦ ᠠᠵᠢᠯ ᠢ ᠴᠢᠩᠭᠠᠳᠬᠠᠵᠤ᠂ ᠨᠡᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢ ᠴᠢᠩᠭᠠᠳᠬᠠᠪᠠ᠃
微信图片_20220826110004.jpg  
      ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ᠂ ᠵᠣᠴᠢᠳ ᠤᠨ ᠪᠠᠭᠤᠳᠠᠯ ᠵᠡᠷᠭᠡ ᠠᠮᠤᠷ ᠲᠦᠪᠰᠢᠨ ᠤ ᠪᠤᠳᠤᠯᠢᠶᠠᠨᠲᠠᠢ ᠲᠠᠯᠠᠪᠤᠷ ᠭᠠᠵᠠᠷ ᠪᠣᠯᠤᠨ ᠨᠣᠴᠣᠮᠠᠲᠠᠭᠠᠢ ᠳᠡᠯᠪᠡᠷᠡᠮᠡᠲᠡᠭᠡᠶ ᠠᠶᠤᠯᠲᠠᠢ ᠪᠣᠳᠠᠰ ᠤᠨ ᠠᠵᠤ ᠠᠬᠤᠢᠯᠠᠯ᠂ ᠪᠠᠷᠠᠭᠠᠨ ᠤ ᠭᠦᠢᠯᠭᠡᠭᠡᠨ ᠤ ᠢᠯᠡᠭᠡᠯᠲᠡ᠂ ᠭᠡᠷ ᠪᠠᠢᠰᠢᠩ ᠲᠦᠷᠢᠶᠡᠰᠦᠯᠡᠬᠦ ᠵᠡᠷᠭᠡ ᠬᠥᠮᠦᠨ ᠬᠠᠷ᠎ᠠ ᠨᠢᠭᠲᠠᠷᠠᠭᠰᠠᠨ ᠪᠤᠳᠤᠯᠢᠶᠠᠨᠲᠠᠢ ᠲᠠᠯᠠᠪᠤᠷ ᠭᠠᠵᠠᠷ ᠢ ᠭᠤᠣᠯᠳᠠᠯᠭ᠎ᠠ ᠲᠠᠢ ᠪᠠᠷ ᠨᠢᠭᠡᠳ ᠨᠢᠭᠡ ᠪᠠᠷ ᠢᠯᠭᠠᠷᠠᠭᠤᠯᠤᠨ ᠪᠠᠶᠢᠴᠠᠭᠠᠵᠤ᠂ ᠨᠠᠮ ᠵᠠᠰᠠᠭ ᠤᠨ ᠪᠠᠶᠢᠭᠤᠯᠭ᠎ᠠ᠂ ᠤᠰᠤ᠂ ᠴᠠᠬᠢᠯᠭᠠᠨ᠂ ᠲᠣᠰᠣ᠂ ᠬᠡᠢ᠂ ᠢᠯᠴᠢ ᠵᠡᠷᠭᠡ ᠭᠤᠣᠯᠳᠠᠯᠭ᠎ᠠ ᠲᠠᠢ ᠨᠢᠭᠡᠴᠢ᠂ ᠫᠤᠤᠵᠢᠩ ᠪᠣᠷᠣᠯᠠᠭᠤᠯᠬᠤ ᠴᠢᠬ ᠵᠡᠷᠭᠡ ᠬᠠᠮᠢᠶ᠎ᠠ ᠪᠦᠬᠦᠢ ᠨᠢᠭᠡᠴᠢ ᠳᠤ ᠪᠦᠬᠦ ᠲᠠᠯ᠎ᠠ ᠪᠠᠷ᠂ ᠲᠤᠶᠢᠯᠪᠤᠷᠢᠳᠠᠢ᠂ ᠨᠠᠷᠢᠨ ᠨᠢᠮᠪᠠᠢ ᠵᠢᠭᠰᠠᠭᠠᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠭᠡᠮ ᠢ ᠤᠯᠠᠮ ᠨᠢᠭᠡ ᠠᠯᠬᠤᠮ ᠴᠡᠭᠴᠡᠯᠡᠨ ᠵᠠᠰᠠᠪᠠ︔ ᠬᠠᠷᠢᠶᠠᠲᠤ ᠣᠷᠣᠨ ᠤ KTV᠂ ᠠᠷᠢᠬᠢᠨ ᠪᠠᠭᠠᠷ᠂ ᠰᠦᠯᠵᠢᠶᠡᠨ ᠤ ᠪᠠᠭᠠᠷ᠂ ᠰᠢᠷᠠᠯᠭ᠎ᠠ ᠶᠢᠨ ᠭᠠᠵᠠᠷ ᠵᠡᠷᠭᠡ ᠵᠤᠭ᠎ᠠ ᠴᠡᠩᠭᠡᠯ ᠤᠨ ᠭᠠᠵᠠᠷ ᠢ ᠲᠥᠪᠯᠡᠷᠡᠭᠦᠯᠦᠨ ᠪᠠᠶᠢᠴᠠᠭᠠᠪᠠ᠃
微信图片_20220826110038.jpg   
      ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠤᠷᠢᠭ᠎ᠠ ᠭᠠᠷᠭᠠᠵᠤ ᠦᠨᠡᠮᠯᠡᠯ ᠦᠭᠡᠢ ᠪᠠᠷ ᠵᠢᠯᠣᠭᠤᠳᠬᠤ᠂ ᠬᠡᠳᠦ ᠲᠦᠷᠭᠡᠨ ᠵᠢᠯᠣᠭᠤᠳᠬᠤ᠂ ᠬᠥᠮᠦᠨ ᠪᠠ ᠠᠴᠢᠶ᠎ᠠ ᠬᠡᠲᠦᠷᠡᠲᠡᠯ᠎ᠡ ᠳᠡᠭᠡᠭᠡᠪᠦᠷᠢᠯᠡᠬᠦ᠂ ᠶᠠᠳᠠᠷᠠᠭᠤ ᠪᠠᠷ ᠵᠢᠯᠣᠭᠤᠳᠬᠤ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ᠂ ᠬᠤᠣᠷᠲᠤ ᠡᠳ᠋ ᠲᠠᠳᠠᠵᠤ ᠲᠡᠷᠭᠡ ᠵᠢᠯᠣᠭᠤᠳᠬᠤ᠂ ᠬᠢᠵᠠᠭᠠᠷᠯᠠᠬᠤ ᠲᠣᠭᠲᠠᠭᠠᠯ ᠢ ᠵᠥᠷᠢᠴᠡᠬᠦ᠂ ᠲᠣᠭᠲᠠᠭᠠᠯ ᠶᠣᠰᠣᠭᠠᠷ ᠶᠠᠪᠤᠭᠤᠯᠬᠤ ᠦᠭᠡᠢ᠂ ᠠᠶᠤᠯ ᠦᠭᠡᠢ ᠶᠢᠨ ᠪᠦᠰᠡ ᠪᠠᠨ ᠪᠦᠰᠡᠯᠡᠬᠦ ᠦᠭᠡᠢ᠂ ᠬᠠᠤᠯᠢ ᠠᠴᠠ ᠵᠥᠷᠢᠴᠡᠨ ᠰᠢᠢᠳᠪᠦᠷᠢᠯᠡᠭᠰᠡᠨ ᠦᠭᠡᠢ᠂ ᠬᠤᠭᠤᠴᠠᠭ᠎ᠠ ᠬᠡᠲᠦᠷᠡᠲᠡᠯ᠎ᠡ ᠰᠢᠯᠭᠠᠨ ᠪᠠᠢᠴᠠᠭᠠᠭᠰᠠᠨ ᠦᠭᠡᠢ ᠪᠤᠶᠤ ᠰᠢᠯᠭᠠᠨ ᠪᠠᠢᠴᠠᠭᠠᠭᠠᠳ ᠬᠢᠷᠢ ᠲᠡᠩᠴᠡᠭᠰᠡᠨ ᠦᠭᠡᠢ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃
微信图片_20220826110023.jpg   
      ᠲᠤᠰ ᠤᠳᠠᠭᠠᠨ ᠤ ᠲᠥᠪᠯᠡᠷᠡᠭᠦᠯᠦᠨ ᠪᠠᠢᠴᠠᠭᠠᠬᠤ ᠠᠵᠢᠯᠯᠠᠭ᠎ᠠ ᠳᠤ ᠨᠡᠶᠢᠳᠡ 150 ᠭᠠᠷᠤᠢ ᠴᠠᠭᠳᠠᠭ᠎ᠠ ᠣᠷᠤᠯᠴᠠᠵᠤ᠂ 30 ᠭᠠᠷᠤᠢ ᠮᠠᠰᠢᠨ ᠲᠡᠷᠭᠡ ᠶᠢ ᠬᠥᠳᠡᠯᠭᠡᠵᠦ᠂ 150 ᠭᠠᠷᠤᠢ ᠭᠤᠣᠯᠳᠠᠯᠭ᠎ᠠ ᠲᠠᠢ ᠲᠠᠯᠠᠪᠤᠷ ᠭᠠᠵᠠᠷ ᠢ ᠪᠠᠶᠢᠴᠠᠭᠠᠵᠤ᠂ ᠡᠯ᠎ᠡ ᠲᠥᠷᠥᠯ ᠤᠨ ᠳᠠᠯᠳᠠ ᠭᠡᠮ ᠢ 8 ᠪᠠᠢᠴᠠᠭᠠᠵᠤ ᠴᠡᠭᠴᠡᠯᠡᠨ ᠵᠠᠰᠠᠪᠠ︔ 1 ᠠᠷᠢᠬᠢ ᠤᠤᠭᠤᠵᠤ ᠲᠡᠷᠭᠡ ᠵᠢᠯᠣᠭᠤᠳᠤᠭᠰᠠᠨ᠂ 2 ᠰᠣᠭᠲᠣᠭᠤ ᠪᠠᠷ ᠲᠡᠷᠭᠡ ᠵᠢᠯᠣᠭᠤᠳᠤᠭᠰᠠᠨ ᠢ ᠪᠠᠶᠢᠴᠠᠭᠠᠵᠤ ᠰᠢᠢᠳᠪᠦᠷᠢᠯᠡᠵᠦ᠂ 1 ᠵᠢᠯᠣᠭᠤᠴᠢ ᠶᠢᠨ ᠦᠨᠡᠮᠯᠡᠯ ᠨᠢ ᠬᠤᠭᠤᠴᠠᠭ᠎ᠠ ᠥᠩᠭᠡᠷᠡᠭᠰᠡᠨ ᠪᠠᠶᠢᠳᠠᠯ᠎ᠠ ᠰᠢᠯᠭᠠᠨ ᠪᠠᠢᠴᠠᠭᠠᠭᠰᠠᠨ ᠦᠭᠡᠢ︔ 8 ᠵᠠᠰᠠᠭ ᠵᠠᠬᠢᠷᠭᠠᠨ ᠤ ᠬᠡᠷᠡᠭ ᠢ ᠪᠠᠢᠴᠠᠭᠠᠨ ᠰᠢᠢᠳᠪᠦᠷᠢᠯᠡᠵᠦ᠂ 24 ᠬᠥᠮᠦᠨ ᠳᠤ ᠵᠠᠰᠠᠭ ᠵᠠᠬᠢᠷᠭᠠᠨ ᠤ ᠰᠢᠢᠳᠭᠡᠯ ᠥᠭᠪᠡ︔ ᠮᠡᠳᠡᠭᠡ ᠵᠠᠩᠭᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ ᠶᠢ ᠬᠠᠪᠰᠤᠷᠤᠭᠰᠠᠨ ᠬᠡᠷᠡᠭ ᠤᠨ 3 ᠰᠡᠵᠢᠭᠲᠡᠨ ᠢ ᠪᠠᠷᠢᠪᠴᠢᠯᠠᠵᠤ᠂ 3 ᠬᠥᠮᠦᠨ ᠢ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ ᠡᠯ᠎ᠡ ᠵᠦᠢᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠢ ᠪᠠᠷ ᠰᠦᠷᠳᠡᠭᠦᠯᠦᠭᠰᠡᠨ ᠪᠠ ᠲᠡᠭᠦᠨ ᠳᠤ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠤ ᠪᠦᠬᠦ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠪᠠ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ