ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠪᠠᠶᠢᠷᠢᠯᠠᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/11
      11 ᠰᠠᠷ᠎ᠠ ᠶᠢᠨ 4 ᠤ ᠦᠳᠡ ᠶᠢᠨ ᠡᠮᠦᠨ᠎ᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠬᠠᠢ ᠲᠠᠭᠢᠨ ᠲᠠᠶᠢᠴᠢᠯᠠᠵᠤ ᠪᠠᠶᠢᠷᠢᠯᠠᠭᠤᠯᠪᠠ᠃ ᠬᠤᠰᠢᠭᠤᠨ ᠲᠣᠪᠴᠢᠶ᠎ᠠ  ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠰᠦᠸᠧ ᠵᠢᠶ ᠵᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠡᠯ᠎ᠡ ᠰᠠᠯᠠᠭ᠎ᠠ ᠮᠥᠴᠢᠷ᠂ ᠡᠯ᠎ᠡ ᠲᠣᠮᠢᠯᠠᠭᠰᠠᠨ ᠰᠠᠯᠪᠤᠷᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠠᠵᠢᠯ ᠤᠨ ᠠᠯᠪᠠᠨ ᠬᠡᠷ ᠤᠨ ᠡᠷᠬᠢᠯᠡᠭᠴᠢ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢ ᠸᠧᠨ ᠰᠢᠤᠢ ᠡᠷᠭᠢᠯᠡᠪᠡ᠃
2022-11-4-16-9-33.jpg
     ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠰᠦᠸᠧ ᠵᠢᠶ ᠵᠢᠶᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠣᠭ ᠵᠣᠬᠢᠶᠠᠯ ᠢ ᠳᠠᠭᠠᠭᠤᠯᠤᠨ ᠰᠤᠷᠤᠯᠴᠠᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠬᠢᠭᠰᠡᠨ ᠴᠢᠬᠤᠯᠠ ᠢᠯᠡᠳᠬᠡᠯ ᠳᠤ᠂ ᠲᠤᠭ ᠢ ᠮᠠᠨᠳᠤᠭᠤᠯᠤᠨ ᠴᠢᠭᠯᠡᠯ ᠢᠶᠠᠨ ᠲᠣᠭᠲᠠᠭᠠᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠥᠩᠭᠡᠷᠡᠭᠰᠡᠨ 5 ᠵᠢᠯ ᠤᠨ ᠠᠵᠢᠯ ᠪᠣᠯᠤᠨ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ ᠶᠢ ᠦᠨᠡᠨ ᠪᠣᠳᠠᠲᠠᠢ ᠪᠠᠷ ᠳ᠋ᠦᠩᠨᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ ᠲᠣᠭᠤᠷᠢᠨ ᠢ ᠭᠦᠨᠵᠡᠭᠡᠢ ᠰᠤᠳᠤᠯᠤᠨ ᠮᠠᠭᠠᠳᠯᠠᠵᠤ᠂ ᠢᠷᠡᠭᠡᠳᠦᠢ ᠶᠢᠨ ᠨᠢᠭᠡ ᠬᠤᠭᠤᠴᠠᠭᠠᠨ ᠤ ᠨᠠᠮ ᠪᠣᠯᠤᠨ ᠤᠯᠤᠰ ᠤᠨ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠳᠣᠷᠬᠠᠶᠢᠯᠠᠨ ᠥᠭᠦᠯᠡᠵᠦ᠂ ᠮᠠᠷᠺᠰ ᠤᠨ ᠦᠵᠡᠯ ᠤᠨ ᠦᠨᠡᠨ ᠶᠣᠰᠣᠨ ᠤ ᠭᠡᠷᠡᠯ ᠭᠢᠯᠪᠠᠭ᠎ᠠ ᠶᠢ ᠰᠠᠴᠤᠷᠠᠭᠤᠯᠵᠤ᠂ ᠠᠶᠠᠯᠠᠯ ᠤᠨ ᠴᠢᠭᠯᠡᠯ ᠢ ᠵᠢᠭᠠᠭᠰᠠᠨ ᠤᠯᠤᠰ ᠲᠦᠷᠦ ᠶᠢᠨ ᠲᠤᠩᠬᠠᠭ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠬᠤ ᠠᠵᠢᠯᠯᠠᠭᠠᠨ ᠤ ᠬᠥᠲᠥᠯᠪᠦᠷᠢ ᠪᠣᠯᠤᠨ᠎ᠠ︔ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠲᠥᠪ ᠬᠤᠷᠢᠶᠠᠨ ᠤ ᠤᠳᠤᠷᠢᠳᠬᠤ ᠪᠠᠶᠢᠭᠤᠯᠤᠮᠵᠢ ᠶᠢ ᠰᠣᠩᠭᠤᠨ ᠭᠠᠷᠭᠠᠵᠤ᠂ ᠰᠢ ᠶᠢᠨ ᠫᠢᠩ ᠨᠥᠬᠦᠷ ᠳᠠᠬᠢᠨᠲᠠ ᠲᠥᠪ ᠬᠤᠷᠢᠶᠠᠨ ᠤ ᠶᠡᠷᠦᠩᠬᠡᠢ ᠱᠦᠵᠢ ᠪᠠᠷ ᠰᠣᠩᠭᠤᠭᠳᠠᠭᠰᠠᠨ ᠨᠢ ᠪᠦᠬᠦ ᠨᠠᠮ ᠤᠨ ᠬᠦᠰᠡᠯ ᠵᠣᠷᠢᠯᠲᠠ ᠶᠢ ᠭᠦᠢᠴᠡᠳ ᠢᠯᠡᠷᠡᠭᠦᠯᠵᠦ᠂ ᠪᠦᠬᠦ ᠨᠠᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠵᠤ᠂ ᠶᠡᠷᠦᠩᠬᠡᠢ ᠱᠦᠵᠢ ᠰᠢ ᠶᠢᠨ ᠫᠢᠩ ᠪᠣᠯ ᠤᠯᠠᠨ ᠤ ᠬᠦᠰᠡᠯ ᠳᠤ ᠨᠡᠶᠢᠴᠡᠭᠰᠡᠨ᠂ ᠨᠡᠷ᠎ᠡ ᠨᠢᠳᠡᠷ ᠲᠤ ᠪᠠᠨ ᠨᠡᠶᠢᠴᠡᠭᠰᠡᠨ ᠨᠠᠮ ᠤᠨ ᠭᠤᠣᠯᠯᠠᠭᠴᠢ᠂ ᠠᠷᠠᠳ ᠤᠨ ᠤᠳᠤᠷᠢᠳᠤᠭᠴᠢ᠂ ᠴᠡᠷᠢᠭ ᠠᠩᠬᠢ ᠶᠢᠨ ᠶᠡᠷᠦᠩᠬᠡᠢ ᠵᠢᠯᠤᠭᠤᠳᠤᠭᠴᠢ ᠪᠣᠯᠬᠤ ᠶᠢ ᠭᠦᠢᠴᠡᠳ ᠭᠡᠷᠡᠴᠢᠯᠡᠪᠡ︔ ᠬᠤᠷᠢᠳᠤᠭᠠᠷ ᠶᠡᠭᠡ ᠬᠤᠷᠠᠯ ᠲᠡᠭᠦᠰᠦᠭᠰᠡᠨ ᠤ ᠳᠠᠷᠠᠭ᠎ᠠ᠂ ᠶᠡᠷᠦᠩᠬᠡᠶ ᠱᠦᠵᠢ ᠰᠢ ᠶᠢᠨ ᠫᠢᠩ ᠰᠢᠨ᠎ᠡ ᠨᠢᠭᠡ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠳ ᠢ ᠳᠠᠭᠠᠭᠤᠯᠤᠨ ᠲᠤᠰᠬᠠᠶᠢᠯᠠᠨ ᠶᠠᠨ ᠠᠨ ᠳᠤ ᠬᠦᠷᠴᠦ ᠶᠠᠨ ᠠᠨ ᠤ ᠬᠤᠪᠢᠰᠬᠠᠯ ᠤᠨ ᠳᠤᠷᠠᠰᠬᠠᠯ ᠤᠨ ᠭᠠᠵᠠᠷ ᠢ ᠪᠠᠷᠠᠳᠠᠵᠤ᠂ ᠬᠤᠪᠢᠰᠬᠠᠯᠲᠤ ᠳᠠᠶᠢᠨ ᠤ ᠦᠶ᠎ᠡ ᠶᠢᠨ ᠨᠠᠮ ᠤᠨ ᠲᠥᠪ ᠬᠤᠷᠢᠶᠠᠨ ᠤ ᠶᠠᠨ ᠠᠨ ᠳᠠᠬᠢ ᠭᠠᠶᠢᠬᠠᠮᠰᠢᠭᠲᠤ ᠣᠨ ᠰᠠᠷ᠎ᠠ ᠶᠢ ᠳᠠᠬᠢᠨ ᠡᠷᠭᠢᠴᠡᠭᠦᠯᠵᠦ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠵᠦ᠂ ᠡᠨᠡ ᠪᠣᠯ ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠬᠦ᠂ ᠲᠡᠮᠡᠴᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠲᠤᠬᠠᠢ ᠲᠣᠳᠣᠷᠬᠠᠢ ᠲᠠᠩᠭᠠᠷᠢᠭᠯᠠᠯ ᠪᠣᠯᠤᠨ᠎ᠠ᠂ ᠡᠨᠡ ᠨᠢ ᠰᠢᠨ᠎ᠡ ᠰᠢᠯᠭᠠᠯᠲᠠ ᠳᠤ ᠣᠷᠣᠯᠴᠠᠬᠤ ᠵᠠᠮ ᠢᠶᠠᠷ ᠲᠡᠦᠬᠡ ᠪᠣᠯᠤᠨ ᠠᠷᠠᠳ ᠲᠦᠮᠡᠨ ᠳᠤ ᠰᠢᠨ᠎ᠡ ᠰᠢᠯᠢᠳᠡᠭ ᠰᠢᠯᠭᠠᠯᠲᠠ ᠶᠢᠨ ᠬᠠᠭᠤᠳᠠᠰᠤ ᠲᠤᠰᠢᠶᠠᠬᠤ ᠡᠷᠡᠰ ᠪᠠᠲᠤ ᠢᠲᠡᠭᠡᠯ ᠵᠣᠷᠢᠭ ᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠳᠡᠭᠡᠳᠦ ᠬᠡᠮᠵᠢᠶᠡᠨ ᠤ ᠲᠡᠦᠬᠡ ᠶᠢᠨ ᠤᠬᠠᠮᠰᠠᠷ ᠪᠣᠯᠤᠨ ᠡᠷᠡᠰ ᠴᠢᠩᠭ᠎ᠠ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠢᠯᠡᠷᠡᠭᠦᠯᠵᠦ᠂ ᠪᠦᠬᠦ ᠨᠠᠮ ᠳᠤ ᠵᠢᠱᠢᠶ᠎ᠡ ᠦᠵᠡᠭᠦᠯᠵᠦ᠂ ᠬᠡᠪ ᠳᠠᠭᠤᠷᠢᠶᠠᠯ ᠪᠣᠯᠤᠭᠰᠠᠨ ᠪᠠᠶᠢᠨ᠎ᠠ ᠭᠡᠵᠦ ᠴᠢᠬᠤᠯᠠᠴᠢᠯᠠᠪᠠ᠃      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠳᠤ ᠴᠢᠭᠯᠡᠭᠦᠯᠦᠨ᠂ ᠤᠯᠤᠰ ᠲᠦᠷᠦ ᠶᠢᠨ ᠭᠡᠰᠢᠭᠦᠨ ᠰᠦᠸᠧ ᠵᠢᠶ ᠵᠢᠶᠠᠩ ᠠᠴᠠ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠲᠣᠪᠴᠢᠶᠠᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠬᠢᠨ ᠤᠳᠤᠷᠢᠳᠤᠯᠭ᠎ᠠ ᠲᠦᠷᠦᠭᠦᠯᠡᠨ ᠰᠤᠷᠤᠯᠴᠠᠬᠤ ᠶᠢ ᠪᠠᠷᠢᠮᠲᠠᠯᠠᠵᠤ᠂ ᠵᠣᠷᠢᠭ ᠰᠠᠨᠠᠭ᠎ᠠ ᠶᠢ ᠨᠢ ᠲᠡᠷᠡ ᠬᠡᠪ ᠢᠶᠠᠷ ᠨᠢ᠂ ᠢᠳᠡᠭ ᠢᠳᠡᠭ ᠢᠶᠠᠷ ᠣᠶᠢᠯᠠᠭᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠰᠣᠷᠣᠭᠰᠠᠨ ᠢᠶᠠᠨ ᠬᠡᠷᠡᠭᠯᠡᠵᠦ᠂ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠴᠠᠭᠳᠠᠭ᠎ᠠ ᠶᠢ ᠬᠥᠲᠥᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠦᠭᠦᠯᠬᠦ ᠬᠡᠷᠡᠭᠲᠡᠶ᠃ ᠬᠤᠶᠠᠷ ᠲᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠠᠲᠤᠯᠠᠵᠤ᠂ ᠲᠥᠪᠯᠡᠷᠡᠭᠦᠯᠦᠨ ᠰᠤᠷᠤᠯᠴᠠᠬᠤ ᠶᠢ ᠲᠣᠬᠢᠷᠠᠭᠤᠯᠤᠭᠰᠠᠨ ᠰᠠᠭᠤᠷᠢᠨ ᠳᠡᠭᠡᠷ᠎ᠡ᠂ ᠡᠯ᠎ᠡ ᠨᠠᠮ ᠤᠨ ᠡᠭᠦᠷ ︽ᠭᠤᠷᠪᠠᠨ ᠬᠤᠷᠠᠯ ᠨᠢᠭᠡ ᠬᠢᠴᠢᠶᠡᠯ︾᠂ ᠰᠦᠯᠵᠢᠶᠡᠨ ᠳᠡᠭᠡᠷ᠎ᠡ ᠰᠤᠷᠤᠯᠴᠠᠬᠤ ᠵᠡᠷᠭᠡ ᠠᠷᠭ᠎ᠠ ᠪᠠᠷᠢᠯ ᠳᠤ ᠭᠦᠢᠴᠡᠳ ᠲᠦᠰᠢᠭᠯᠡᠨ᠂ ᠨᠠᠮ ᠤᠨ ᠡᠭᠦᠷ ᠤᠨ ᠱᠦᠵᠢ ᠪᠡᠶ᠎ᠡ ᠪᠠᠷ ᠢᠶᠠᠨ ᠬᠢᠴᠢᠶᠡᠯ ᠣᠷᠣᠵᠤ᠂ ᠪᠥᠬᠦ ᠲᠣᠪᠴᠢᠶ᠎ᠠ ᠶᠢᠨ ᠠᠷᠠᠳ ᠤᠨ ᠴᠠᠭᠳᠠᠭ᠎ᠠ ᠶᠢ ᠰᠢᠪᠠᠳᠠᠨ ᠣᠨᠣᠯ ᠤᠨ ᠰᠤᠷᠤᠯᠴᠠᠯᠭ᠎ᠠ ᠶᠢ ᠴᠢᠬᠤᠯᠠᠴᠢᠯᠠᠬᠤ ᠬᠡᠷᠡᠭᠲᠡᠶ᠃ ᠪᠥᠬᠦ ᠲᠣᠪᠴᠢᠶ᠎ᠠ ᠶᠢᠨ ᠠᠷᠠᠳ ᠤᠨ ᠴᠠᠭᠳᠠᠭ᠎ᠠ ᠨᠠᠷ ᠤᠷᠢᠳ ᠢᠶᠠᠷ ᠨᠢᠭᠡ ᠠᠯᠬᠤᠮ ᠰᠤᠷᠤᠯᠴᠠᠵᠤ᠂ ᠤᠯᠠᠮ ᠭᠦᠨᠵᠡᠭᠡᠶ ᠰᠤᠷᠤᠯᠴᠠᠬᠤ ᠶᠢ ᠪᠠᠷᠢᠮᠲᠠᠯᠠᠨ᠂ ᠢᠲᠡᠭᠡᠯ ᠪᠢᠰᠢᠷᠡᠯ ᠲᠠᠢ ᠪᠠᠷ᠂ ᠦᠨᠡᠨᠴᠢ ᠰᠢᠳᠤᠷᠭᠤ ᠪᠠᠷ᠂ ᠬᠠᠷᠢᠭᠤᠴᠠᠯᠭ᠎ᠠ ᠲᠠᠢ ᠪᠠᠷ᠂ ᠬᠠᠶᠢᠷ᠎ᠠ ᠰᠡᠳᠬᠢᠯᠭᠡ ᠲᠠᠢ ᠪᠠᠷ ᠰᠤᠷᠤᠯᠴᠠᠬᠤ ᠬᠡᠷᠡᠭᠲᠡᠶ᠃ ᠭᠤᠷᠪᠠ ᠳᠤ᠂ ᠲᠤᠬᠠᠶᠢᠯᠠᠭᠰᠠᠨ ᠠᠵᠢᠯ ᠤᠨ ᠮᠡᠳᠡᠯᠭᠡ ᠲᠠᠢ ᠪᠠᠨ ᠤᠶᠠᠯᠳᠤᠭᠤᠯᠤᠨ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠤ ᠠᠭᠤᠯᠤᠭᠳᠠᠵᠤ ᠪᠠᠶᠢᠭ᠎ᠠ ᠦᠨᠡᠨ ᠶᠣᠰᠣ᠂ ᠭᠦᠨ ᠶᠣᠰᠣ᠂ ᠶᠣᠰᠣ ᠤᠴᠢᠷ᠂ ᠶᠣᠰᠣ ᠤᠴᠢᠷ ᠢ ᠦᠨᠡᠨ ᠬᠦ ᠣᠶᠢᠯᠠᠭᠠᠵᠤ᠂ ᠡᠷᠡᠰ ᠪᠠᠲᠤ ᠢᠲᠡᠭᠡᠯ ᠵᠣᠷᠢᠭ ᠢ ᠰᠤᠷᠴᠤ᠂ ᠬᠠᠷᠢᠭᠤᠴᠠᠯᠭ᠎ᠠ ᠡᠭᠦᠷᠭᠡ ᠶᠢ ᠰᠤᠷᠴᠤ᠂ ᠴᠢᠳᠠᠪᠤᠷᠢ ᠰᠤᠷᠲᠠᠯ ᠢ ᠰᠤᠷᠴᠤ᠂ ᠴᠠᠭᠠᠷᠠᠭᠰᠠᠨ ᠴᠢᠳᠠᠪᠤᠷᠢ ᠶᠢ ᠰᠤᠷᠴᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠪᠥᠬᠦ ᠴᠠᠭᠳᠠᠭ᠎ᠠ ᠶᠢᠨ ᠰᠤᠷᠤᠯᠴᠠᠯᠭ᠎ᠠ ᠶᠢᠨ ᠦᠷ᠎ᠡ ᠳ᠋ᠦᠩ ᠢ ᠡᠯ᠎ᠡ ᠲᠥᠷᠥᠯ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠬᠦᠴᠦᠲᠡᠶ ᠳᠠᠶᠢᠴᠢᠯᠠᠬᠤ ᠬᠡᠷᠡᠭᠲᠡᠶ᠃ ᠲᠦᠷᠪᠡ ᠳᠤ᠂ ᠠᠮᠢᠳᠤᠯᠢᠭ ᠢᠶᠠᠷ ᠰᠤᠷᠤᠯᠴᠠᠬᠤ ᠠᠷᠭ᠎ᠠ ᠬᠡᠯᠪᠡᠷᠢ ᠶᠢ ᠠᠪᠴᠤ᠂ ᠬᠤᠪᠢ ᠬᠥᠮᠦᠨ + ᠬᠠᠮᠲᠤ ᠶᠢᠨ ᠰᠤᠷᠤᠯᠴᠠᠯᠭ᠎ᠠ᠂ ᠰᠦᠯᠵᠢᠶᠡᠨ ᠳᠡᠭᠡᠷᠡᠬᠢ + ᠰᠦᠯᠵᠢᠶᠡᠨ ᠠᠴᠠ ᠭᠠᠳᠠᠭᠤᠷᠬᠢ ᠰᠤᠷᠤᠯᠴᠠᠯᠭ᠎ᠠ᠂ ᠰᠣᠯᠢᠯᠴᠠᠵᠤ ᠰᠤᠳᠤᠯᠤᠨ ᠶᠠᠷᠢᠯᠴᠠᠵᠤ ᠰᠤᠷᠤᠯᠴᠠᠭᠰᠠᠨ ᠰᠠᠭᠤᠷᠢᠨ ᠳᠡᠭᠡᠷ᠎ᠡ᠂ ᠮᠡᠳᠡᠯᠭᠡ ᠶᠢᠨ ᠤᠷᠤᠯᠳᠤᠭᠠᠨ᠂ ᠶᠠᠷᠢᠶ᠎ᠠ ᠢᠯᠡᠳᠬᠡᠯ ᠤᠨ ᠤᠷᠤᠯᠳᠤᠭᠠᠨ᠂ ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠣᠷᠣᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠬᠠᠯᠠᠭᠤᠨ ᠥᠷᠨᠢᠯᠲᠡ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ