ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠡᠲᠦ ᠳᠡᠯᠭᠡᠭᠦᠷ ᠢ ᠬᠤᠯᠠᠭᠠᠶᠢᠯᠠᠭᠰᠠᠨ ᠰᠢᠷᠢᠰ ᠬᠡᠷᠡᠭ ᠢ ᠠᠮᠵᠢᠯᠲᠠᠲᠠᠢ ᠢᠯᠡᠷᠡᠭᠦᠯᠪᠡ
ᠨᠡᠶᠢᠲᠡᠯᠡᠭᠰᠡᠨ ᠴᠠᠭ᠄
2022/12/12
      2 ᠰᠥᠨᠢ 2 ᠡᠳᠦᠷ ᠦᠷᠭᠦᠯᠵᠢᠯᠡᠨ ᠡᠷᠡᠯᠬᠡᠭᠯᠡᠨ ᠪᠠᠶᠢᠯᠳᠤᠬᠤ ᠪᠠᠷ ᠳᠠᠮᠵᠢᠨ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠴᠠᠭᠳᠠᠭ᠎ᠠ ᠶᠢᠨ ᠬᠤᠯᠠᠭᠠᠶᠢᠯᠠᠬᠤ ᠪᠤᠯᠢᠶᠠᠬᠤ ᠮᠡᠬᠡᠯᠡᠬᠦ ᠤᠯᠠᠮᠵᠢᠯᠠᠯᠲᠤ ᠶᠠᠯᠠᠲᠤ ᠠᠵᠢᠯᠯᠠᠭ᠎ᠠ ᠳᠤ ᠴᠣᠬᠢᠯᠲᠠ ᠦᠭᠬᠦ ᠳᠤᠮᠳᠠ ᠠᠩᠬᠢ ᠹᠦ᠋ ᠰᠢᠩ ᠲᠣᠮᠢᠯᠠᠭᠰᠠᠨ ᠰᠠᠯᠪᠤᠷᠢ ᠲᠠᠢ ᠬᠤᠯᠪᠤᠭᠠᠯᠠᠨ᠂ ᠬᠡᠲᠦ ᠳᠡᠯᠭᠡᠭᠦᠷ ᠢ ᠬᠤᠯᠠᠭᠠᠶᠢᠯᠠᠭᠰᠠᠨ ᠰᠢᠷᠢᠰ ᠬᠡᠷᠡᠭ ᠢ ᠠᠮᠵᠢᠯᠲᠠᠲᠠᠢ ᠢᠯᠡᠷᠡᠭᠦᠯᠵᠦ᠂ 3 ᠶᠠᠯ᠎ᠠ ᠬᠢᠭᠰᠡᠨ ᠰᠡᠵᠢᠭᠲᠡᠨ ᠢ ᠪᠠᠷᠢᠪᠴᠢᠯᠠᠵᠤ᠂ ᠣᠯᠠᠨ ᠲᠦᠮᠡᠨ ᠤ ᠠᠵᠤ ᠠᠬᠤᠢ ᠶᠢᠨ ᠬᠤᠬᠢᠷᠠᠯ ᠢ ᠡᠭᠡᠭᠦᠯᠥᠨ ᠠᠪᠴᠢᠷᠠᠪᠠ᠃      ᠣᠶᠢᠷ᠎ᠠ ᠳᠤ᠂ ᠦᠶᠤᠸᠠᠨ ᠰᠢᠶᠠᠨ ᠳᠤ ᠬᠡᠳᠦ ᠳᠡᠯᠭᠡᠭᠦᠷ ᠤᠨ ᠬᠤᠯᠠᠭᠠᠶᠢᠯᠠᠭᠰᠠᠨ ᠬᠡᠷᠡᠭ ᠵᠠᠯᠭᠠᠭ᠎ᠠ ᠪᠠᠷ ᠣᠯᠠᠨ ᠭᠠᠷᠴᠠᠢ᠃ ᠠᠷᠠᠳ ᠤᠨ ᠴᠠᠭᠳᠠᠭ᠎ᠠ ᠬᠡᠷᠡᠭ ᠭᠠᠷᠤᠭᠰᠠᠨ ᠨᠣᠷᠮ᠎ᠠ ᠪᠠᠷ ᠨᠡᠯᠢᠶᠡᠳ ᠥᠨᠳᠥᠷ ᠪᠠᠶᠢᠭ᠎ᠠ ᠬᠠᠷᠢᠶ᠎ᠠ ᠣᠷᠣᠨ ᠳᠤ ᠰᠤᠳᠤᠯᠤᠨ ᠮᠠᠭᠠᠳᠯᠠᠵᠤ ᠵᠠᠳᠠᠯᠤᠯᠲᠠ ᠪᠠ ᠶᠡᠭᠡ ᠬᠡᠮᠵᠢᠶᠡᠨ ᠤ ᠳᠡᠩᠨᠡᠨ ᠪᠠᠶᠢᠴᠠᠭᠠᠬᠤ ᠠᠵᠢᠯ ᠬᠢᠬᠦ ᠪᠠᠷ ᠳᠠᠮᠵᠢᠨ᠂ ᠬᠡᠷᠡᠭ ᠭᠠᠷᠤᠭᠰᠠᠨ ᠲᠤᠬᠠᠢ  ᠶᠢᠨ ᠲᠠᠯᠠᠪᠠᠶ ᠶᠢᠨ ᠬᠢᠨᠠᠨ ᠡᠵᠡᠮᠳᠡᠬᠦ ᠳᠤᠮᠳᠠ ᠭᠤᠷᠪᠠᠨ ᠶᠠᠯ᠎ᠠ ᠬᠢᠭᠰᠡᠨ ᠰᠡᠵᠢᠭᠲᠡᠨ ᠢ ᠠᠮᠵᠢᠯᠲᠠ ᠲᠠᠢ ᠪᠠᠷ ᠲᠣᠳᠣᠯᠠᠪᠠ᠃ ᠡᠨᠡ ᠭᠤᠷᠪᠠᠨ ᠬᠥᠮᠥᠨ ᠤ ᠠᠵᠢᠯᠯᠠᠭ᠎ᠠ ᠨᠢ ᠨᠢᠭᠤᠴᠠ᠂ ᠲᠠᠩᠨᠠᠨ ᠪᠠᠶᠢᠴᠠᠭᠠᠬᠤ ᠶᠢ ᠡᠰᠡᠷᠭᠦᠴᠡᠬᠦ ᠤᠬᠠᠮᠰᠠᠷ ᠨᠢ ᠨᠡᠯᠢᠶᠡᠳ ᠥᠨᠳᠥᠷ ᠪᠠᠶᠢᠵᠤ᠂ ᠣᠯᠠᠩᠬᠢ  ᠨᠢ ᠰᠢᠶᠠᠩ ᠪᠠᠯᠭᠠᠰᠤᠨ ᠤ ᠬᠡᠲᠦ ᠳᠡᠯᠭᠡᠭᠦᠷ ᠢ ᠰᠣᠩᠭᠤᠵᠤ᠂ ᠬᠡᠷᠡᠭ ᠬᠢᠬᠦ ᠦᠶ᠎ᠡ ᠳᠤ ᠭᠤᠷᠪᠠᠭᠤᠯᠠ ᠪᠠᠨ ᠲᠣᠯᠣᠭᠠᠢ ᠳᠤ ᠪᠠᠨ ᠳᠤᠭᠲᠤᠢ ᠵᠡᠭᠦᠵᠦ᠂ ᠶᠠᠭᠤᠮ᠎ᠠ ᠬᠤᠯᠠᠭᠠᠶᠢᠯᠠᠭᠰᠠᠨ ᠤ ᠳᠠᠷᠠᠭ᠎ᠠ ᠲᠡᠷᠡ ᠳᠠᠷᠤᠢ ᠳᠤ ᠨᠢ ᠲᠤᠬᠠᠢ  ᠶᠢᠨ ᠲᠠᠯᠠᠪᠤᠷ ᠠᠴᠠ ᠵᠠᠶᠢᠯᠠᠨ ᠣᠳᠳᠠᠭ᠃ ᠰᠡᠵᠢᠭᠯᠡᠯᠲᠡᠢ ᠬᠥᠮᠥᠨ ᠲᠣᠯᠣᠭᠠᠢ ᠶᠢᠨ ᠳᠤᠭᠲᠤᠢ ᠵᠡᠭᠦᠭᠰᠡᠨ ᠠᠴᠠ ᠪᠦᠲᠦᠮᠵᠢᠲᠡᠶ ᠪᠠᠷ ᠢᠯᠭᠠᠨ ᠲᠠᠨᠢᠬᠤ ᠶᠢᠨ ᠠᠷᠭ᠎ᠠ ᠦᠭᠡᠢ ᠪᠥᠭᠡᠳ ᠰᠢᠶᠠᠩ ᠪᠠᠯᠭᠠᠰᠤᠨ ᠤ ᠬᠢᠨᠠᠨ ᠡᠵᠡᠮᠳᠡᠬᠦ ᠴᠢᠳᠠᠪᠤᠷᠢ ᠨᠢ ᠨᠡᠯᠢᠶᠡᠳ ᠪᠠᠭᠤᠷᠠᠢ ᠪᠠᠶᠢᠵᠤ᠂ ᠶᠠᠯ᠎ᠠ ᠬᠢᠭᠰᠡᠨ ᠰᠡᠵᠢᠭᠯᠡᠯᠲᠡᠢ ᠬᠥᠮᠥᠨ ᠤ ᠶᠠᠪᠤᠵᠤ ᠰᠠᠭᠤᠬᠤ ᠶᠢ ᠲᠦᠷ ᠴᠠᠭ ᠮᠠᠭᠠᠳᠯᠠᠨ ᠲᠣᠭᠲᠠᠭᠠᠬᠤ ᠳᠤ ᠪᠡᠷᠬᠡᠲᠡᠢ ᠪᠠᠶᠢᠪᠠ᠃ ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠠᠶ ᠶᠢᠨ ᠣᠷᠣ ᠮᠥᠷ ᠵᠡᠷᠭᠡ ᠬᠦᠴᠦᠨ ᠪᠦᠬᠦᠢ ᠮᠡᠳᠡᠭᠡ ᠵᠠᠩᠭᠢ ᠶᠢ ᠶᠡᠷᠦᠩᠬᠡᠶᠢᠯᠡᠵᠦ᠂ ᠣᠯᠠᠨ ᠤᠳᠠᠭ᠎ᠠ ᠰᠤᠳᠤᠯᠤᠨ ᠮᠠᠭᠠᠳᠯᠠᠵᠤ᠂ ᠰᠡᠵᠢᠭᠲᠡᠨ ᠤ ᠮᠠᠰᠢᠨ ᠲᠡᠷᠭᠡ ᠵᠢᠯᠤᠭᠤᠳᠴᠤ ᠬᠡᠷᠡᠭ ᠦᠢᠯᠡᠳᠬᠦ ᠪᠣᠯᠣᠮᠵᠢ ᠮᠠᠰᠢ ᠶᠡᠭᠡ ᠪᠠᠶᠢᠨ᠎ᠠ ᠭᠡᠵᠦ ᠮᠠᠭᠠᠳᠯᠠᠵᠠᠢ᠃ ᠡᠭᠦᠨ ᠤ ᠳᠠᠷᠠᠭ᠎ᠠ ᠶᠡᠭᠡ ᠬᠡᠮᠵᠢᠶᠡᠨ ᠤ ᠪᠠᠶᠢᠴᠠᠭᠠᠯᠲᠠ ᠪᠠᠷ ᠳᠡᠮᠵᠢᠨ᠂ ᠠᠷᠠᠳ ᠤᠨ ᠴᠠᠭᠳᠠᠭ᠎ᠠ ᠡᠴᠦᠰ ᠲᠤ ᠪᠠᠨ ᠶᠠᠯ᠎ᠠ ᠬᠢᠭᠰᠡᠨ ᠰᠡᠵᠢᠭᠲᠡᠨ ᠢ ᠪᠠᠶᠢᠴᠠᠭᠠᠨ ᠲᠣᠳᠣᠯᠠᠵᠠᠢ᠃ ᠰᠡᠵᠢᠭᠲᠡᠨ ᠤ ᠮᠥᠷ ᠰᠤᠷᠠᠭ  ᠢ ᠪᠠᠶᠢᠴᠠᠭᠠᠨ ᠲᠣᠳᠣᠯᠠᠭᠰᠠᠨ ᠤ ᠳᠠᠷᠠᠭ᠎ᠠ ᠠᠷᠠᠳ ᠤᠨ ᠴᠠᠭᠳᠠᠭ᠎ᠠ ᠲᠦᠷᠭᠡᠨ ᠳᠠᠭᠠᠷᠢᠯᠲᠠ ᠶᠠᠪᠤᠭᠤᠯᠵᠤ᠂ 3 ᠶᠠᠯ᠎ᠠ ᠬᠢᠭᠰᠡᠨ ᠰᠡᠵᠢᠭᠲᠡᠨ ᠢ ᠠᠮᠵᠢᠯᠲᠠ ᠲᠠᠢ ᠪᠠᠷ ᠪᠠᠷᠢᠪᠴᠢᠯᠠᠪᠠ᠃      ᠰᠢᠭᠦᠨ ᠠᠰᠠᠭᠤᠬᠤ ᠪᠠᠷ ᠳᠠᠮᠵᠢᠨ᠂ ᠶᠠᠯ᠎ᠠ ᠬᠢᠭᠰᠡᠨ ᠰᠡᠵᠢᠭᠲᠡᠨ ᠬᠤ᠋ ᠣᠪᠣᠭᠲᠤ᠂ ᠬᠤᠸᠠᠩ ᠣᠪᠣᠭᠲᠤ᠂ ᠶᠠᠩ ᠣᠪᠣᠭᠲᠤ ᠪᠣᠯ ᠠᠵᠢᠯ ᠦᠭᠡᠢ ᠬᠥᠮᠥᠨ᠂ ᠲᠡᠳᠡ ᠭᠤᠷᠪᠠ ᠯᠢᠨ ᠡᠾᠧ᠂ ᠤᠷᠠᠳ ᠤᠨ ᠡᠮᠦᠨᠡᠲᠦ ᠬᠤᠰᠢᠭᠤ᠂ ᠦᠶᠤᠸᠠᠨ ᠵᠡᠷᠭᠡ ᠣᠯᠠᠨ ᠭᠠᠵᠠᠷ ᠲᠤ ᠣᠯᠠᠨ ᠤᠳᠠᠭ᠎ᠠ ᠬᠡᠰᠦᠵᠦ ᠬᠡᠷᠡᠭ ᠬᠢᠪᠡ᠃       ᠣᠳᠣᠬᠠᠨ ᠳᠤ ᠬᠡᠷᠡᠭ ᠢ ᠤᠯᠠᠮ ᠨᠢᠭᠡ ᠠᠯᠬᠤᠮ ᠰᠢᠢᠳᠪᠦᠷᠢᠯᠡᠵᠦ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ