ᠪᠣᠭᠤᠲᠣ ᠬᠤᠲᠠ ᠶᠢᠨ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠢᠩ ᠹᠦ᠋ ᠵᠠᠮ ᠤᠨ ᠲᠣᠮᠢᠯᠠᠭᠰᠠᠨ ᠰᠠᠯᠪᠤᠷᠢ ᠫᠦ᠋ ᠹᠠ ᠪᠠᠩᠬᠢ ᠲᠠᠢ ᠬᠠᠮᠲᠤᠷᠠᠨ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/12/12
    ᠡᠨᠡ ᠵᠢᠯ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠠᠴᠠ ᠡᠬᠢᠯᠡᠨ᠂ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨ ᠥᠷᠭᠡᠨ ᠣᠯᠠᠨ ᠨᠠᠰᠤᠲᠠᠶᠢᠴᠤᠳ ᠤᠨ ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠶᠡᠷᠦᠩᠬᠡᠶᠢᠯᠡᠨ ᠵᠠᠰᠠᠬᠤ ᠲᠥᠪ᠂ ᠰᠦᠯᠵᠢᠶᠡᠨ ᠤ ᠠᠵᠢᠯᠲᠠᠨ ᠵᠡᠷᠭᠡ ᠬᠦᠴᠦᠨ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠲᠤ ᠣᠴᠢᠵᠤ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠰᠤᠲᠠᠨ ᠤ ᠠᠰᠠᠷᠠᠮᠵᠢ ᠶᠢᠨ ᠮᠡᠬᠡᠯᠡᠯ ᠢ ᠤᠷᠢᠳᠴᠢᠯᠠᠨ ᠰᠡᠷᠭᠡᠶᠢᠯᠡᠵᠦ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠨᠡᠶᠢᠭᠡᠮ ᠲᠣᠭᠤᠷᠢᠭ ᠲᠤ ᠣᠷᠣᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃
2 青山分局幸福路派出所携手浦发银行开展打击整治养老诈骗宣传系列活动.jpg
    7 ᠰᠠᠷ᠎ᠠ ᠶᠢᠨ 15 ᠤ ᠡᠳᠦᠷ᠂ ᠰᠢᠩ ᠹᠦ᠋ ᠵᠠᠮ ᠤᠨ ᠲᠣᠮᠢᠯᠠᠭᠰᠠᠨ ᠰᠠᠯᠪᠤᠷᠢ ᠪᠣᠯᠤᠨ ᠫᠦ᠋ ᠹᠠ ᠪᠠᠩᠬᠢ ᠬᠤᠯᠪᠣᠭᠠᠯᠠᠨ ᠰᠢᠩ ᠹᠦ᠋ ᠨᠡᠶᠢᠭᠡᠮ ᠲᠣᠭᠤᠷᠢᠭ ᠲᠤ ᠬᠦᠷᠴᠦ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠴᠡᠭᠴᠡᠯᠡᠨ ᠵᠠᠰᠠᠬᠤ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠠᠩᠬᠢ ᠶᠢᠨ ᠠᠵᠢᠯᠲᠠᠨ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠮᠡᠬᠡᠯᠡᠭᠴᠢ ᠶᠢᠨ ᠬᠡᠷᠡᠭᠯᠡᠵᠦ ᠳᠠᠳᠤᠭᠰᠠᠨ ᠠᠷᠭ᠎ᠠ ᠪᠠᠷᠢᠯ᠂ ᠬᠡᠷᠡᠭ ᠬᠢᠬᠦ ᠠᠷᠭ᠎ᠠ ᠮᠠᠶ᠋ᠢᠭ ᠵᠡᠷᠭᠡ ᠬᠤᠯᠪᠣᠭᠳᠠᠯ ᠪᠥᠬᠦᠶ ᠮᠡᠳᠡᠯᠭᠡ ᠶᠢ ᠨᠠᠰᠤᠲᠠᠶᠢᠴᠤᠳ ᠤᠨ ᠰᠣᠨᠣᠰᠴᠤ ᠣᠶᠢᠯᠠᠭᠠᠬᠤ ᠶᠠᠷᠢᠶᠠᠨ ᠤ ᠬᠡᠯᠡ ᠪᠠ ᠣᠶᠢᠯᠠᠭᠠᠮᠵᠢᠲᠠᠢ ᠦᠭᠡ ᠪᠣᠯᠭᠠᠨ ᠬᠤᠪᠢᠷᠠᠭᠤᠯᠵᠤ᠂ ᠲᠡᠳᠡᠨ ᠳᠤ ᠬᠡᠷᠪᠡ ᠰᠡᠵᠢᠭᠯᠡᠯᠲᠡᠶ ᠪᠠᠶᠢᠳᠠᠯ ᠲᠣᠬᠢᠶᠠᠯᠳᠤᠪᠠᠯ᠂ ᠦᠷ᠎ᠡ ᠬᠡᠤᠬᠡᠳ ᠲᠠᠢ ᠪᠠᠨ ᠢᠯᠡᠭᠦᠬᠡᠨ ᠵᠥᠪᠳᠡᠯᠴᠡᠬᠦ  ᠪᠤᠶᠤ  ᠳᠠᠷᠦ᠋ᠢᠬᠠᠨ  ᠴᠠᠭᠳᠠᠭᠠᠨ  ᠳᠤ  ᠮᠡᠳᠡᠭᠦᠯᠵᠦ᠂ ᠥᠪᠡᠷ ᠤᠨ ︽ᠨᠠᠰᠤᠵᠢᠯ ᠤᠨ ᠠᠰᠠᠷᠠᠮᠵᠢ ᠶᠢᠨ ᠮᠥᠩᠭᠦ︾ ᠪᠠᠨ ᠰᠠᠶᠢᠲᠤᠷ ᠰᠠᠬᠢᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃ ᠡᠭᠦᠨ ᠤ ᠬᠠᠮᠲᠤ ᠠᠷᠠᠳ ᠤᠨ ᠴᠠᠭᠳᠠᠭ᠎ᠠ ᠪᠠᠩᠬᠢ ᠲᠠᠢ ᠬᠠᠮᠲᠤ ᠪᠠᠷ ᠨᠠᠰᠤᠲᠠᠶᠢᠴᠤᠳ ᠲᠤ ᠬᠡᠳᠦᠨ ᠵᠦᠢᠯ ᠤᠨ ᠮᠡᠬᠡᠯᠡᠭᠴᠢ ᠶᠢᠨ ᠬᠡᠷᠡᠭᠯᠡᠵᠦ ᠳᠠᠳᠤᠭᠰᠠᠨ ᠮᠡᠬᠡᠯᠡᠬᠦ ᠠᠷᠭ᠎ᠠ ᠶᠢ ᠲᠤᠬᠠᠶ ᠶᠢᠨ ᠲᠠᠯᠠᠪᠤᠷ ᠲᠤ ᠦᠵᠡᠭᠦᠯᠦᠨ ᠲᠠᠨᠢᠯᠴᠠᠭᠤᠯᠵᠠᠢ᠃ ᠨᠠᠰᠤᠲᠠᠶᠢᠴᠤᠳ ᠲᠤ ᠰᠠᠨᠠᠭᠤᠯᠬᠤ ᠨᠢ᠂ ᠵᠣᠭᠤᠰ ᠵᠠᠷᠤᠬᠤ ᠳᠤ ᠪᠠᠨ ᠢᠯᠡᠭᠦᠬᠡᠨ ᠪᠣᠯᠭᠤᠮᠵᠢᠯᠠᠵᠤ ᠦᠷ᠎ᠡ ᠬᠡᠤᠬᠡᠳ ᠲᠠᠢ ᠪᠠᠨ ᠵᠥᠪᠳᠡᠯᠴᠡᠬᠦ ᠨᠢ ᠯᠠᠪᠳᠠᠭᠤᠨ ᠶᠤᠮ ᠠ᠋᠂ ᠪᠤᠰᠤᠳ ᠤᠨ ᠦᠭᠡ ᠶᠢ ᠳᠤᠷ᠎ᠠ ᠪᠠᠷ ᠢᠶᠠᠨ ᠰᠣᠨᠣᠰᠴᠤ ᠪᠣᠯᠬᠤ ᠥᠬᠡᠶ᠃    ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠨᠠᠰᠤᠲᠠᠶᠢᠴᠤᠳ ᠤᠨ ᠲᠠᠰᠤᠷᠠᠯᠲᠠ ᠥᠬᠡᠶ ᠣᠯᠠᠨ ᠵᠦᠢᠯ ᠢ ᠠᠰᠠᠭᠤᠨ ᠯᠠᠪᠯᠠᠵᠤ᠂ ᠪᠢᠳᠡ ᠮᠠᠰᠢ ᠶᠡᠭᠡ ᠠᠮᠵᠢᠯᠲᠠ ᠣᠯᠤᠭᠰᠠᠨ ᠲᠥᠷᠥᠭᠳᠡᠯ ᠲᠠᠢ ᠪᠣᠯᠵᠣ᠂ ᠨᠠᠰᠤᠲᠠᠶᠢᠴᠤᠳ ᠤᠨ ᠮᠡᠬᠡᠯᠡᠭᠳᠡᠬᠦ ᠶᠢ ᠰᠡᠷᠭᠡᠶᠢᠯᠡᠬᠦ ᠠᠵᠢᠯ ᠢ ᠨᠠᠩ ᠰᠠᠶᠢᠨ ᠥᠷᠨᠢᠭᠦᠯᠬᠦ ᠳᠤ ᠣᠯᠠᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠂ ᠪᠢᠳᠡ ᠨᠠᠩ ᠣᠯᠠᠨ ᠠᠷᠭ᠎ᠠ ᠬᠡᠯᠪᠡᠷᠢ ᠪᠠᠷ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ ᠠᠵᠢᠯ ᠢ ᠨᠠᠩ ᠰᠠᠶᠢᠲᠤᠷ᠂ ᠨᠠᠩ ᠯᠠᠪᠳᠠᠭᠤᠨ ᠪᠠᠲᠤᠲᠠᠶ ᠬᠢᠬᠦ ᠬᠡᠷᠡᠭᠲᠡᠢ᠃
ᠢᠷᠡᠯᠲᠡ᠄ ᠪᠤᠭᠤᠳᠤ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ