ᠠᠷᠠᠳ ᠤᠨ ᠴᠠᠭᠳᠠᠭ᠎ᠠ ᠣᠯᠠᠨ ᠲᠦᠮᠡᠨ ᠤ ᠡᠳ᠋ ᠬᠥᠷᠥᠩᠭᠡ ᠶᠢ ᠠᠪᠤᠷᠠᠨ ᠬᠠᠮᠠᠭᠠᠯᠠᠭᠠᠳ ᠰᠠᠶᠢᠰᠢᠶᠠᠭᠳᠠᠪᠠ
ᠨᠡᠶᠢᠲᠡᠯᠡᠭᠰᠡᠨ ᠴᠠᠭ᠄
2022/12/20
      12 ᠳ᠋ᠤᠭᠠᠷ ᠰᠠᠷ᠎ᠠ ᠶᠢᠨ 6 ᠤ ᠦᠳᠡ ᠶᠢᠨ ᠬᠤᠶᠢᠨᠠᠬᠢ 17 ᠴᠠᠭ ᠤᠨ ᠦᠶ᠎ᠡ ᠪᠠᠷ᠂ ᠶᠠᠭ ᠲᠣᠭᠤᠷᠢᠨ ᠴᠠᠭᠳᠠᠵᠤ ᠪᠠᠶᠢᠭ᠎ᠠ ᠠᠷᠠᠳ ᠤᠨ ᠴᠠᠭᠳᠠᠭ᠎ᠠ ᠴᠢᠩ ᠪᠸᠢ ᠵᠠᠮ ᠢᠶᠠᠷ ᠥᠩᠭᠡᠷᠡᠬᠦ ᠦᠶ᠎ᠡ ᠳᠤ ᠨᠢᠭᠡ ᠫᠢᠺᠠ ᠮᠠᠰᠢᠨ ᠲᠡᠷᠭᠡᠨ ᠳᠤ ᠲᠡᠭᠡᠭᠡᠵᠦ ᠪᠠᠶᠢᠭ᠎ᠠ ᠪᠠᠷᠠᠭ᠎ᠠ ᠠᠴᠠ ᠭᠠᠯ ᠭᠠᠷᠤᠭᠰᠠᠨ ᠳᠤ᠂ ᠵᠢᠯᠣᠭᠤᠴᠢ ᠭᠠᠭᠴᠠᠭᠠᠷ ᠭᠠᠯ ᠤᠨᠲᠠᠷᠠᠭᠠᠬᠤ ᠪᠠᠷ ᠴᠢᠷᠮᠠᠶᠢᠵᠤ ᠪᠠᠶᠢᠪᠠ᠂ ᠭᠡᠲᠡᠯ᠎ᠡ ᠭᠠᠯ ᠮᠥᠨ ᠯᠡ ᠲᠦᠷᠡᠯᠵᠡᠵᠦ᠂ ᠪᠠᠶᠢᠳᠠᠯ ᠲᠦᠢᠯ ᠤᠨ ᠠᠶᠤᠯ ᠲᠦᠭᠰᠢᠭᠦᠷᠢᠲᠡᠢ︕ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠲᠡᠷᠭᠡᠨ ᠠᠴᠠ ᠪᠠᠭᠤᠵᠤ ᠠᠪᠴᠤ ᠶᠠᠪᠤᠭ᠎ᠠ ᠭᠠᠯ ᠤᠨᠳᠠᠷᠠᠭᠠᠭᠤᠷ ᠢᠶᠠᠷ ᠭᠠᠯ ᠢ ᠮᠠᠰᠢ ᠲᠦᠷᠭᠡᠨ ᠢᠶᠠᠷ ᠤᠨᠲᠠᠷᠠᠭᠠᠪᠠ᠃ ᠫᠢᠺᠠ ᠲᠡᠷᠭᠡᠨ ᠤ ᠵᠢᠯᠣᠭᠤᠴᠢ ᠥᠨᠥᠳᠥᠷ ᠰᠠᠶ᠋ᠢ ᠵᠢᠦ ᠶᠤᠸᠠᠨ ᠡᠳ᠋ ᠪᠠᠷᠠᠭᠠᠨ ᠤ ᠭᠦᠢᠯᠭᠡᠭᠡ ᠶᠢᠨ ᠮᠠᠰᠢᠨ ᠲᠡᠷᠭᠡᠨ ᠤ ᠰᠡᠯᠪᠢᠭ ᠲᠣᠨᠤᠭ ᠰᠡᠯᠪᠢᠨ ᠵᠠᠰᠠᠬᠤ ᠳᠡᠯᠭᠡᠭᠦᠷ ᠲᠤ ᠪᠠᠷᠠᠭ᠎ᠠ ᠬᠦᠷᠭᠡᠵᠦ ᠪᠠᠶᠢᠭ᠎ᠠ ᠶᠤᠮ᠃ ᠴᠢᠩᠱᠠᠨ ᠲᠣᠭᠤᠷᠢᠭ ᠤᠨ ᠴᠢᠩ ᠪᠸᠢ ᠵᠠᠮ ᠳᠡᠭᠡᠷ᠎ᠡ ᠳᠠᠪᠬᠢᠵᠤ ᠪᠠᠶᠢᠬᠤ ᠳᠤ ᠳᠡᠭᠡᠭᠡᠵᠦ ᠶᠠᠪᠤᠭ᠎ᠠ ᠰᠡᠯᠪᠢᠭ ᠲᠣᠨᠤᠭ ᠠᠴᠠ ᠤᠲᠤᠭ᠎ᠠ ᠭᠠᠷᠴᠤ ᠭᠠᠯ ᠲᠦᠷᠡᠯᠵᠡᠨ ᠤᠨᠳᠠᠷᠠᠭᠠᠵᠤ ᠪᠠᠶᠢᠬᠤ ᠳᠤ᠂ ᠠᠷᠠᠳ ᠤᠨ ᠴᠠᠭᠳᠠᠭ᠎ᠠ ᠴᠠᠭ ᠲᠤᠬᠠᠢ ᠳᠤ ᠨᠢ ᠣᠯᠵᠤ ᠮᠡᠳᠡᠭᠡᠳ᠂ ᠡᠷᠡᠰ ᠲᠠᠰᠤᠷᠬᠠᠢ ᠰᠢᠢᠳᠪᠦᠷᠢᠯᠡᠭᠰᠡᠨ ᠠᠴᠠ ᠭᠠᠯ ᠤᠨ ᠠᠶᠤᠯ ᠭᠠᠷᠬᠤ ᠶᠢ ᠪᠦᠲᠦᠮᠵᠢᠲᠡᠢ ᠰᠡᠷᠭᠡᠶᠢᠯᠡᠵᠦ ᠴᠢᠳᠠᠪᠠ᠃
1爱包头、爱公安、作贡献——青山分局民警抢救群众财产受表扬.jpg
     ᠳᠠᠷᠠᠭ᠎ᠠ ᠨᠢ ᠫᠢᠺᠠ ᠮᠠᠰᠢᠨ ᠤ ᠵᠢᠯᠣᠭᠤᠴᠢ ᠠᠷᠠᠳ ᠤᠨ ᠴᠠᠭᠳᠠᠭ᠎ᠠ ᠶᠢᠨ ᠠᠶᠤᠯ ᠲᠦᠭᠰᠢᠭᠦᠷᠢ ᠠᠴᠠ ᠠᠶᠤᠬᠤ ᠥᠬᠡᠶ᠂ ᠢᠳᠡᠪᠬᠢᠲᠡᠶ ᠪᠠᠷ ᠠᠪᠤᠷᠠᠨ ᠲᠤᠰᠠᠯᠠᠭᠰᠠᠨ ᠨᠢ ᠠᠷᠠᠳ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠶᠣᠰᠣ ᠰᠤᠷᠳᠠᠬᠤᠨ ᠢ ᠪᠢᠰᠢᠷᠡᠵᠦ ᠪᠠᠶᠢᠬᠤ ᠪᠠᠨ ᠢᠯᠡᠳᠬᠡᠭᠰᠡᠨ ᠪᠥᠭᠡᠳ ︽24 ᠴᠠᠭ ᠤᠨ ᠴᠠᠭᠳᠠᠭ᠎ᠠ ᠶᠢᠨ ᠲᠣᠪᠴᠢᠶ᠎ᠠ︾ ᠪᠠᠷ ᠳᠠᠮᠵᠢᠭᠤᠯᠤᠨ ᠬᠤᠶᠠᠷ ᠠᠷᠠᠳ ᠤᠨ ᠴᠠᠭᠳᠠᠭ᠎ᠠ ᠳᠤ ᠮᠠᠭᠲᠠᠭᠠᠯ ᠰᠠᠶᠢᠰᠢᠶᠠᠯ ᠳᠡᠪᠰᠢᠭᠦᠯᠪᠡ᠃     ︽ᠪᠤᠭᠤᠲᠤ ᠬᠤᠲᠠ ᠶᠢ ᠬᠠᠶᠢᠷᠠᠯᠠᠬᠤ᠂ ᠳᠣᠲᠣᠭᠠᠳᠤ ᠶᠢ ᠬᠠᠮᠠᠭᠠᠯᠠᠬᠤ ᠪᠠᠨ ᠬᠠᠶᠢᠷᠠᠯᠠᠬᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠠᠵᠢᠯ ᠤᠨ ᠡᠭᠦᠷᠭᠡ ᠨᠢᠭᠡᠪᠦᠷᠢ ᠶᠢ ᠪᠦᠬᠦ ᠵᠣᠷᠢᠭ ᠢᠶᠠᠷ ᠢᠶᠠᠨ ᠪᠡᠶᠡᠯᠡᠭᠦᠯᠵᠦ᠂ ᠲᠣᠭᠤᠷᠢᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭᠳᠠᠭ᠎ᠠ ᠶᠢᠨ ᠲᠦᠭᠰᠢᠭᠦᠷᠢᠲᠦ ᠪᠠᠶᠢᠳᠠᠯ ᠢ ᠰᠢᠢᠳᠪᠦᠷᠢᠯᠡᠬᠦ᠂ ᠪᠡᠯᠡᠳᠭᠡᠯ ᠵᠢᠵᠢᠭᠦᠷᠯᠡᠬᠦ ᠪᠠ ᠠᠵᠢᠯ ᠳᠤ ᠭᠠᠷᠬᠤ ᠨᠤᠷᠮ᠎ᠠ ᠶᠢ ᠮᠡᠳᠡᠭᠳᠡᠮ᠎ᠡ ᠳᠡᠭᠡᠭᠰᠢᠯᠡᠭᠦᠯᠪᠡ᠃
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ