ᠮᠠᠨ ᠤ ᠬᠤᠲᠠ ᠶᠢᠨ ᠭᠠᠳᠠᠭᠠᠳᠤ ᠳᠤ ᠬᠤᠯᠪᠣᠭᠳᠠᠬᠤ ᠶᠡᠭᠡ ᠳᠡᠭᠡᠳᠦ ᠰᠤᠷᠭᠠᠭᠤᠯᠢ ᠶᠢᠨ ᠭᠠᠳᠠᠭᠠᠳᠤ ᠳᠤ ᠰᠤᠷᠤᠯᠴᠠᠬᠤ ᠰᠤᠷᠤᠭᠴᠢᠳ ᠤᠨ ᠦᠢᠯᠡᠴᠢᠯᠡᠭᠡᠨ ᠤ | ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠬᠤ᠂ ᠭᠠᠳᠠᠭᠠᠳᠤ ᠳᠤ ᠬᠤᠯᠪᠣᠭᠳᠠᠬᠤ ᠶᠡᠷᠦᠩᠬᠡᠶᠢᠯᠡᠭᠰᠡᠨ ᠬᠠᠮᠢᠶᠠᠷᠤᠯᠲᠠ ᠪᠠᠨ ᠨᠡᠮᠡᠭᠳᠡᠭᠦᠯᠬᠦ ᠶᠢᠨ ᠲᠥᠯᠥᠭᠡ᠂ | ᠣᠶᠢᠷ᠎ᠠ ᠳᠤ ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠤᠬᠤ ᠭᠠᠷᠬᠤ ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ | ᠴᠠᠭᠳᠠᠭ᠎ᠠ ᠮᠠᠨ ᠤ ᠬᠤᠲᠠ ᠶᠢᠨ ᠭᠠᠳᠠᠭᠠᠳᠤ ᠳᠤ ᠬᠤᠯᠪᠣᠭᠳᠠᠬᠤ 3 ᠰᠤᠷᠭᠠᠭᠤᠯᠢ ᠳᠤ ᠬᠦᠷᠴᠦ᠂ ᠣᠳᠣᠬᠠᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠰᠤᠷᠤᠭᠴᠢᠳ ᠤᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ | | | | ᠰᠤᠷᠪᠤᠯᠵᠢᠯᠠᠬᠤ ᠳᠤᠮᠳᠠ ᠬᠢᠯᠢ ᠪᠠᠷ ᠣᠷᠤᠬᠤ ᠭᠠᠷᠬᠤ ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠪᠣᠯᠤᠨ ᠳᠡᠭᠡᠳᠦ ᠰᠤᠷᠭᠠᠭᠤᠯᠢ ᠶᠢᠨ | ᠤᠳᠤᠷᠢᠳᠤᠯᠭ᠎ᠠ ᠵᠢᠴᠢ ᠭᠠᠳᠠᠭᠠᠳᠤ ᠳᠤ ᠰᠤᠷᠤᠯᠴᠠᠬᠤ ᠰᠤᠷᠤᠭᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ ᠪᠠᠶᠢᠭ᠎ᠠ ᠪᠠᠭᠰᠢ ᠠᠴᠠ ᠬᠢᠵᠢᠭ ᠤᠨ | ᠬᠤᠭᠤᠴᠠᠭᠠᠨ ᠳᠠᠬᠢ ᠭᠠᠳᠠᠭᠠᠳᠤ ᠳᠤ ᠰᠤᠷᠤᠯᠴᠠᠬᠤ ᠰᠤᠷᠤᠭᠴᠢ ᠶᠢᠨ ᠬᠠᠮᠢᠶᠠᠷᠤᠯᠲᠠ ᠲᠤᠬᠠᠢ ᠶᠠᠷᠢᠯᠴᠠᠵᠤ᠂ ᠡᠭᠦᠨ ᠤ ᠳᠠᠭᠠᠤ ᠭᠠᠳᠠᠭᠠᠳᠤ ᠳᠤ ᠬᠤᠯᠪᠣᠭᠳᠠᠬᠤ ᠶᠡᠭᠡ | ᠳᠡᠭᠡᠳᠦ ᠰᠤᠷᠭᠠᠭᠤᠯᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠭᠤᠷᠪᠠᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠰᠤᠷᠭᠠᠭᠤᠯᠢ ᠳᠤ ᠰᠤᠷᠤᠯᠴᠠᠵᠤ | ᠪᠠᠶᠢᠭ᠎ᠠ ᠰᠤᠷᠤᠭᠴᠢᠳ ᠤᠨ ᠬᠤᠨᠤᠭ ᠤᠨ ᠠᠮᠤᠷ ᠲᠦᠪᠰᠢᠨ ᠵᠢᠴᠢ ᠭᠠᠯ ᠰᠡᠷᠭᠡᠶᠢᠯᠡᠬᠦ ᠠᠮᠤᠷ ᠲᠦᠪᠰᠢᠨ ᠪᠠᠲᠤᠯᠠᠬᠤ ᠬᠡᠷᠡᠭᠲᠡᠢ᠃ ᠡᠷᠬᠡᠪᠰᠢ ᠲᠤᠰᠬᠠᠶ ᠬᠥᠮᠦᠨ ᠢᠶᠠᠷ | ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠭᠤᠯᠵᠤ ᠪᠠᠶᠢᠷᠢ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠭᠠᠯ ᠰᠡᠷᠭᠡᠶᠢᠯᠡᠬᠦ ᠪᠠᠶᠢᠴᠠᠭᠠᠯᠲᠠ ᠶᠢ | ᠴᠢᠩᠭᠠᠳᠬᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠷᠢᠵᠢᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠳᠠᠯᠳᠠ ᠬᠡᠮ ᠢ ᠠᠷᠢᠯᠭᠠᠵᠤ᠂ | ᠬᠠᠮᠢᠶᠠᠷᠤᠯᠲᠠ ᠠᠴᠠ ᠮᠤᠯᠲᠤᠷᠠᠵᠤ ᠡᠵᠡᠮᠳᠡᠯ ᠠᠴᠠ ᠭᠤᠭᠤᠵᠢᠬᠤ ᠪᠠ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠤᠶᠠᠷ ᠲᠤ᠂ | ᠴᠢᠩᠭ᠎ᠠ ᠬᠢᠨᠠᠯᠲᠠ ᠬᠠᠮᠢᠶᠠᠷᠤᠯᠲᠠ ᠶᠢ ᠦᠨᠡᠨ ᠬᠦ ᠪᠠᠲᠤᠯᠠᠬᠤ ᠬᠡᠷᠡᠭᠲᠡᠢ᠃ ᠰᠤᠷᠭᠠᠭᠤᠯᠢ ᠶᠢᠨ ᠪᠠᠭᠰᠢ ᠨᠠᠷ ᠤᠨ ᠵᠢᠵᠢᠭᠦᠷ ᠢ ᠰᠠᠶᠢᠲᠤᠷ ᠲᠣᠬᠢᠷᠠᠭᠤᠯᠵᠤ᠂ ᠭᠠᠳᠠᠭᠠᠳᠤ ᠳᠤ | ᠰᠤᠷᠤᠯᠴᠠᠬᠤ ᠰᠤᠷᠤᠭᠴᠢᠳ ᠤᠨ ᠡᠳᠦᠷ ᠲᠤᠲᠤᠮ ᠤᠨ ᠬᠥᠳᠡᠯᠭᠡᠭᠡᠨ ᠤ ᠲᠣᠬᠢᠷᠠᠭᠤᠯᠤᠯᠲᠠ ᠶᠢᠨ ᠪᠠᠶᠢᠳᠠᠯ ᠢ ᠣᠶᠢᠯᠠᠭᠠᠭᠤᠯᠵᠤ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠭᠠᠳᠠᠭᠠᠳᠤ ᠳᠤ ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠭᠴᠢᠳ ᠲᠤ ᠰᠤᠷᠭᠠᠭᠤᠯᠢ ᠶᠢᠨ ᠲᠠᠯ᠎ᠠ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠡᠷᠬᠡᠪᠰᠢ ᠶᠠᠪᠤᠵᠤ ᠢᠷᠡᠬᠦ ᠴᠠᠭ᠂ ᠵᠣᠷᠢᠭᠰᠠᠨ ᠭᠠᠵᠠᠷ ᠲᠤ ᠪᠠᠨ ᠬᠦᠷᠦᠭᠰᠡᠨ ᠡᠰᠡᠬᠦ ᠶᠢ ᠡᠵᠡᠮᠰᠢᠵᠦ᠂ ᠴᠢᠮᠡᠭᠡ ᠨᠡᠪᠲᠡᠷᠡᠯᠭᠡ ᠶᠢᠨ ᠰᠠᠭᠠᠳ ᠦᠭᠡᠢ ᠶᠢ | ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠬᠥᠮᠦᠵᠢᠯ ᠤᠨ ᠪᠣᠯᠪᠠᠰᠤᠷᠠᠯ ᠢ ᠴᠢᠩᠭᠠᠳᠬᠠᠵᠤ᠂ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠮᠠᠨ ᠤ ᠤᠯᠤᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠭᠠᠳᠠᠭᠠᠳᠤ ᠳᠤ ᠬᠤᠯᠪᠣᠭᠳᠠᠬᠤ ᠠᠮᠤᠷ ᠲᠦᠪᠰᠢᠨ ᠤ ᠬᠡᠷᠡᠭ ᠤᠨ ᠡᠭᠦᠰᠬᠦ ᠶᠢ ᠴᠢᠩᠭ᠎ᠠ ᠰᠡᠷᠭᠡᠶᠢᠯᠡᠬᠦ | ᠬᠡᠷᠡᠭᠲᠡᠶ᠃ ᠭᠤᠷᠪᠠ ᠳᠤ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠭᠠᠳᠠᠭᠠᠳᠤ ᠳᠤ ᠰᠤᠷᠤᠯᠴᠠᠬᠤ ᠰᠤᠷᠤᠭᠴᠢᠳ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ ᠪᠠᠶᠢᠭ᠎ᠠ ᠪᠠᠭᠰᠢ ᠨᠠᠷ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠷᠢᠯᠴᠠᠭ᠎ᠠ | ᠨᠡᠪᠲᠡᠷᠡᠯᠴᠡᠭᠡ ᠪᠠᠨ ᠴᠢᠩᠭᠠᠳᠬᠠᠵᠤ᠂ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠳᠡᠵᠦ᠂ ᠲᠦᠷᠭᠡᠨ | ᠮᠥᠷᠲᠡᠭᠡᠨ ᠯᠠᠪᠳᠠᠭᠤᠨ ᠪᠠᠲᠤᠲᠠᠢ ᠪᠠᠷ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ |