ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠢ | ᠴᠢᠩᠭᠠᠳᠬᠠᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 4 ᠤ ᠡᠳᠦᠷ᠂ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ | ᠵᠡᠭᠦᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠷᠢᠶ᠎ᠠ ᠣᠷᠣᠨ ᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ︽ᠡᠷᠴᠢ ᠵᠣᠷᠢᠭ ᠢᠶᠠᠨ | ᠬᠥᠪᠴᠢᠯᠡᠨ ᠯᠠᠪᠳᠠᠭᠤᠨ ᠪᠠᠲᠤᠲᠠᠶ ᠠᠵᠢᠯᠯᠠᠵᠤ᠂ ᠭᠠᠷ ᠬᠤᠯᠪᠣᠨ ᠢᠷᠡᠭᠡᠳᠦᠶ ᠪᠠᠨ ᠬᠠᠮᠲᠤ ᠪᠠᠷ ᠵᠢᠷᠤᠭᠯᠠᠶ᠎ᠠ︾ ᠭᠡᠬᠦ ᠲᠤᠰᠬᠠᠶ ᠰᠡᠳᠦᠪᠲᠦ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | | | | ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠵᠡᠭᠦᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠰᠠᠨᠠᠭᠠᠴᠢᠯᠠᠭ᠎ᠠ ᠠᠴᠠ ᠪᠠᠨ ᠤᠬᠠᠭᠤᠯᠭ᠎ᠠ ᠶᠢᠨ | ᠬᠡᠯᠪᠡᠷᠢ ᠶᠢᠨ ᠰᠢᠨ᠎ᠡ ᠶᠢ ᠡᠭᠦᠳᠴᠦ᠂ ᠬᠠᠷᠢᠶ᠎ᠠ ᠣᠷᠣᠨ ᠳᠤ ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠪᠡ᠃ | ᠠᠷᠠᠳ ᠤᠨ ᠴᠠᠭᠳᠠᠭ᠎ᠠ ᠨᠠᠷᠢᠯᠢᠭ ᠲᠠᠶᠢᠯᠪᠤᠷᠢᠯᠠᠬᠤ᠂ ᠬᠠᠮᠲᠤ ᠪᠠᠷ ᠰᠤᠳᠤᠯᠤᠨ ᠤᠩᠰᠢᠬᠤ᠂ ᠬᠠᠷᠢᠯᠴᠠᠨ ᠠᠰᠠᠭᠤᠯᠲᠠ ᠬᠠᠷᠢᠭᠤᠯᠲᠠ ᠶᠢᠨ ᠠᠷᠭ᠎ᠠ ᠬᠡᠯᠪᠡᠷᠢ ᠪᠠᠷ | ᠳᠠᠮᠵᠢᠭᠤᠯᠤᠨ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢ ᠬᠠᠷᠢᠶ᠎ᠠ ᠣᠷᠣᠨ ᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠣᠶᠢᠯᠠᠭᠠᠭᠤᠯᠬᠤ ᠶᠢᠨ | ᠬᠠᠮᠲᠤ ᠠᠷᠠᠳ ᠤᠨ ᠴᠠᠭᠳᠠᠭ᠎ᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠷᠠᠳ ᠤᠨ ᠠᠮᠢᠳᠤᠷᠠᠯ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠶ ᠪᠠᠷ ᠲᠠᠶᠢᠯᠤᠮᠵᠢ ᠬᠢᠵᠦ ᠮᠠᠲᠠᠭ ᠢ ᠨᠢ ᠳᠡᠶᠢᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠢᠴᠡᠳ ᠣᠶᠢᠯᠠᠭᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠦᠨᠡᠨ ᠬᠦ ᠦᠨᠳᠦᠰᠦᠨ ᠱᠠᠲᠤᠨ ᠳᠤ ᠦᠨᠳᠦᠰᠦᠯᠡᠭᠦᠯᠦᠨ ᠦᠷ᠎ᠡ ᠵᠢᠮᠢᠰ ᠰᠠᠭᠤᠯᠭᠠᠬᠤ ᠶᠢ ᠪᠠᠳᠤᠯᠠᠪᠠ᠃ | | |