ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢᠴᠢ ᠨᠠᠮ ᠤᠨ ᠬᠤᠷᠢᠶᠠᠨ ᠤ ᠱᠦᠵᠢ ᠶᠢᠨ ᠨᠠᠮ ᠤᠨ ᠬᠢᠴᠢᠶᠡᠯ ᠣᠷᠣᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/12/9
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠲᠣᠪᠴᠢᠶᠠᠨ ᠤ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠤᠯᠠᠮ ᠴᠢᠨᠠᠭᠰᠢᠳᠠ ᠰᠠᠶᠢᠲᠤᠷ ᠠᠳᠬᠤᠵᠤ᠂ 2022 ᠣᠨ ᠤ 12 ᠰᠠᠷ᠎ᠠ ᠶᠢᠨ 6 ᠤ ᠡᠳᠦᠷ᠂ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢᠴᠢ ᠨᠠᠮ ᠤᠨ ᠬᠤᠷᠢᠶ᠎ᠠ ᠶᠢᠨ ᠱᠦᠵᠢ ᠶᠢᠨ ᠨᠠᠮ ᠤᠨ ᠬᠢᠴᠢᠶᠡᠯ ᠣᠷᠣᠬᠤ ᠠᠵᠢᠯᠯᠠᠭ᠎ᠠ ᠶᠢ ᠥᠷᠨᠢᠭᠦᠯᠪᠡ᠃  ᠦᠶᠤᠸᠠᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠤ ᠳᠠᠷᠤᠭ᠎ᠠ ᠰᠢᠶᠧ ᠮᠢᠩ ᠼᠠᠢ ᠬᠤᠷᠠᠯ ᠳᠤ ᠣᠷᠣᠯᠴᠠᠭᠰᠠᠳ ᠲᠤ ᠨᠢᠭᠡᠨ ᠠᠮᠢᠳᠤᠯᠢᠭ ᠰᠠᠶᠢᠬᠠᠨ ᠨᠠᠮ ᠤᠨ ᠬᠢᠴᠢᠶᠡᠯ ᠣᠷᠣᠪᠠ᠃ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠭᠡᠷ ᠲᠡᠭᠡᠨ ᠪᠠᠶᠢᠭ᠎ᠠ ᠲᠣᠪᠴᠢᠶᠠᠨ ᠤ ᠤᠳᠤᠷᠢᠳᠤᠯᠭ᠎ᠠ᠂ ᠲᠣᠪᠴᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠢᠴᠢ ᠪᠦᠬᠦ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠥᠳᠡᠯᠭᠡᠭᠡᠨ ᠳᠤ ᠣᠷᠣᠯᠴᠠᠪᠠ᠃
0de1117c59fdb5fa614f8e60b3f0f18.jpg
      ᠰᠢᠶᠠᠨ ᠤ ᠳᠡᠳ᠋ ᠳᠠᠷᠤᠭ᠎ᠠ ᠰᠢᠶᠧ ᠮᠢᠩ ᠼᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ ᠲᠠᠢ ᠪᠠᠨ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠡᠵᠡᠮᠰᠢᠬᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠰᠢᠬᠦ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠦᠨᠵᠡᠭᠡᠢ ᠰᠠᠶᠢᠲᠤᠷ ᠠᠳᠬᠤᠬᠤ ᠲᠠᠯ᠎ᠠ ᠪᠠᠷ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠠᠢ᠃
fb2b14a092a211139c173404b9bea81.jpg
      ᠲᠣᠰ ᠤᠳᠠᠭᠠᠨ ᠤ ᠨᠠᠮ ᠤᠨ ᠬᠢᠴᠢᠶᠡᠯ ᠣᠷᠣᠬᠤ ᠠᠵᠢᠯᠯᠠᠭ᠎ᠠ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠩᠨᠡᠭᠡᠨ ᠤ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠤᠤᠰ ᠳᠡᠭᠡᠭᠰᠢᠯᠡᠯᠲᠡ ᠶᠢ ᠪᠥᠬᠦ ᠲᠠᠯ᠎ᠠ ᠪᠠᠷ ᠠᠬᠢᠭᠤᠯᠪᠠ᠃ ᠬᠤᠷᠠᠯ ᠳᠤ ᠣᠷᠣᠯᠴᠠᠭᠰᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠣᠳᠣᠬᠠᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠪᠣᠳᠠᠲᠠᠢ ᠠᠳᠬᠤᠬᠤ᠂ ᠢᠷᠡᠬᠦ ᠵᠢᠯ ᠤᠨ ᠠᠵᠢᠯ ᠢ ᠲᠥᠯᠥᠪᠵᠢᠭᠦᠯᠬᠦ᠂ ᠳᠣᠲᠣᠭᠠᠳᠤ ᠶᠢ ᠬᠠᠮᠠᠭᠠᠯᠠᠬᠤ ᠦᠢᠯᠡᠰ ᠤᠨ ᠠᠯᠤᠰ ᠬᠡᠳᠦ ᠶᠢᠨ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ᠂ ᠭᠦᠨᠵᠡᠭᠡᠢ᠂ ᠰᠢᠰᠲ᠋ᠧᠮ ᠲᠠᠢ ᠰᠤᠷᠤᠯᠴᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ ᠦᠨᠡᠨ ᠬᠦ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠣᠳᠠᠲᠠᠢ ᠠᠵᠢᠯᠯᠠᠭ᠎ᠠ ᠪᠣᠯᠤᠨ ᠪᠣᠳᠠᠲᠠᠢ ᠦᠷ᠎ᠡ ᠪᠦᠲᠦᠮᠵᠢ ᠪᠠᠷ ᠨᠠᠮ ᠳᠤ ᠪᠠᠨ ᠲᠦᠢᠯ ᠤᠨ ᠦᠨᠡᠨᠴᠢ ᠰᠢᠳᠤᠷᠭᠤ ᠪᠠᠶᠢᠬᠤ ᠶᠢ ᠲᠠᠶᠢᠯᠪᠤᠷᠢᠯᠠᠬᠤ ᠬᠡᠷᠡᠭᠲᠡᠢ᠃ ᠦᠨᠡᠨ ᠬᠦ ᠠᠳᠬᠤᠵᠤ ᠪᠣᠳᠠᠲᠠᠶ ᠪᠠᠷ ᠠᠵᠢᠯᠯᠠᠭᠰᠠᠨ ᠠᠵᠢᠯ ᠤᠨ ᠪᠣᠳᠠᠲᠤ ᠪᠦᠲᠦᠮᠵᠢ ᠪᠠᠷ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠨ᠎ᠠ ᠭᠡᠵᠦ ᠢᠯᠡᠳᠬᠡᠵᠡᠭᠡᠪᠡ᠃
ᠢᠷᠡᠯᠲᠡ᠄ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ