ᠪᠦᠦ ᠰᠢᠤᠸᠠᠢ᠂ ᠡᠮᠡᠭᠲᠡᠢ᠂ ᠮᠣᠩᠭᠤᠯ ᠦᠨᠳᠦᠰᠦᠲᠡᠨ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ᠂ 1987 ᠣᠨ ᠤ 2 ᠳ᠋ᠤᠭᠠᠷ ᠰᠠᠷ᠎ᠠ ᠶᠢᠨ 1 ᠤ ᠡᠳᠦᠷ | ᠲᠥᠷᠥᠵᠦ᠂ 2013 ᠣᠨ ᠤ 7 ᠳ᠋ᠤᠭᠠᠷ ᠰᠠᠷ᠎ᠠ ᠶᠢᠨ 1 ᠤ ᠡᠳᠦᠷ ᠳᠣᠲᠣᠭᠠᠳᠤ ᠶᠢ ᠬᠠᠮᠠᠭᠠᠯᠠᠬᠤ ᠠᠵᠢᠯ ᠳᠤ ᠭᠠᠷᠴᠤ᠂ ᠣᠲᠣ ᠤᠯᠠᠭᠠᠨᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠩᠭᠠᠨ ᠲᠣᠮᠢᠯᠠᠭᠰᠠᠨ ᠰᠠᠯᠪᠤᠷᠢ ᠶᠢᠨ ᠡᠮᠡᠭᠲᠡᠢ ᠴᠠᠭᠳᠠᠭ᠎ᠠ ᠶᠢᠨ ᠨᠡᠶᠢᠭᠡᠮ ᠲᠣᠭᠤᠷᠢᠭ ᠤᠨ ᠬᠠᠪᠰᠤᠷᠤᠭᠴᠢ ᠴᠠᠭᠳᠠᠭ᠎ᠠ | ᠪᠠᠶᠢᠵᠦ᠂ ᠭᠤᠣᠯᠳᠠᠭᠤ ᠬᠠᠷᠢᠶᠠᠲᠤ ᠲᠤᠭᠤᠷᠢᠭ ᠤᠨ ᠬᠥᠮᠥᠨ ᠠᠮᠠ ᠪᠠ ᠰᠢᠨᠡᠳᠬᠡᠵᠦ ᠲᠦᠷᠢᠶᠡᠰᠦᠯᠡᠭᠰᠡᠨ ᠭᠡᠷ ᠪᠠᠶᠢᠰᠢᠩ ᠵᠢᠴᠢ ᠨᠡᠭᠦᠳᠡᠯ ᠬᠥᠮᠥᠨ ᠠᠮᠠ ᠶᠢᠨ ᠮᠡᠳᠡᠭᠡ | ᠵᠠᠩᠭᠢ ᠶᠢ ᠴᠤᠭᠯᠠᠭᠤᠯᠬᠤ᠂ ᠬᠠᠷᠢᠶᠠᠲᠤ ᠣᠷᠣᠨ ᠤ ᠳᠣᠲᠣᠷᠠᠬᠢ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠬᠠᠷᠢᠭᠤᠴᠠᠵᠤ ᠪᠣᠶ᠃ | | | | 2013 ᠣᠨ ᠳᠤ ᠲᠡᠷᠡ ᠬᠢᠩᠭᠠᠨ ᠤ ᠲᠣᠮᠢᠯᠠᠭᠰᠠᠨ ᠰᠠᠯᠪᠤᠷᠢ ᠳᠤ ᠬᠤᠪᠢᠶᠠᠭᠳᠠᠨ ᠠᠵᠢᠯᠯᠠᠵᠤ᠂ ᠠᠬᠠᠮᠠᠳ ᠴᠠᠭᠳᠠᠭ᠎ᠠ ᠶᠢᠨ ᠳᠠᠭᠠᠭᠤᠯᠭ᠎ᠠ ᠪᠠᠷ᠂ ᠣᠷᠣᠨ | ᠪᠠᠶᠢᠷᠢ ᠪᠠᠨ ᠣᠨᠣᠪᠴᠢᠲᠠᠢ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠡᠭᠦᠷᠭᠡᠯᠡᠨ᠂ ᠨᠡᠶᠢᠭᠡᠮ ᠲᠣᠭᠤᠷᠢᠭ ᠤᠨ ᠠᠵᠢᠯ ᠳᠤ ᠪᠠᠨ ᠢᠳᠡᠪᠬᠢᠯᠡᠨ᠂ | ᠬᠦᠴᠢᠷ ᠢ ᠰᠥᠷᠦᠨ ᠤᠷᠤᠭᠰᠢᠯᠠᠵᠤ᠂ ᠬᠠᠷᠢᠶ᠎ᠠ ᠲᠣᠭᠤᠷᠢᠭ ᠤᠨ ᠡᠷᠤᠬᠡ ᠶᠢᠨ ᠪᠠᠶᠢᠳᠠᠯ ᠤᠨ ᠬᠠᠮᠢᠶᠠᠷᠤᠯᠲᠠ ᠶᠢᠨ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ | ᠰᠦᠪᠡᠭᠴᠢᠯᠡᠵᠡᠢ᠃ | 2020 ᠣᠨ ᠤ 2 ᠳ᠋ᠤᠭᠠᠷ ᠰᠠᠷ᠎ᠠ ᠶᠢᠨ 25 ᠤ ᠡᠳᠦᠷ ᠤᠨ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ ᠤ ᠣᠷᠣᠢ᠂ ᠠᠩᠬ᠎ᠠ ᠡᠵᠢ ᠪᠣᠯᠤᠭᠰᠠᠨ ᠲᠡᠷᠡ | ᠳᠡᠭᠡᠳᠦ ᠱᠠᠲᠤᠨ ᠤ ᠵᠠᠷᠯᠢᠭ ᠢ ᠤᠯᠵᠦ᠂ ᠬᠠᠷᠢᠶ᠎ᠠ ᠲᠣᠭᠤᠷᠢᠭ ᠲᠤ ᠬᠤᠪᠸᠢ ᠮᠤᠵᠢ ᠶᠢᠨ ᠦᠬᠠᠨ ᠨᠤᠲᠤᠭ ᠲᠠᠢ ᠣᠯᠠᠨ ᠬᠥᠮᠥᠨ ᠵᠣᠴᠢᠳ ᠤᠨ ᠪᠠᠭᠤᠳᠠᠯ ᠳᠤ | ᠰᠠᠭᠤᠵᠦ᠂ ᠬᠤᠯᠪᠣᠭᠳᠠᠯ ᠪᠦᠬᠦᠢ ᠬᠥᠮᠥᠰ ᠤᠨ ᠤᠯᠠᠭᠠᠨᠬᠤᠲᠠ ᠬᠤᠲᠠ ᠳᠤ ᠢᠷᠡᠭᠰᠡᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠲᠡᠷᠡ ᠳᠠᠷᠤᠢ ᠳᠤ ᠨᠢ ᠬᠢᠨᠠᠨ | ᠪᠠᠶᠢᠴᠠᠭᠠᠬᠤ ᠴᠢᠬᠤᠯᠠᠲᠠᠢ ᠪᠣᠯᠤᠭᠰᠠᠨ ᠪᠠᠶᠢᠨ᠎ᠠ᠃ ᠲᠡᠷᠡ ᠮᠠᠨᠴᠤᠢ ᠳᠤ ᠪᠠᠶᠢᠭᠰᠠᠨ ᠬᠡᠦᠬᠡᠳ ᠢᠶᠠᠨ ᠲᠠᠯᠪᠢᠭᠠᠳ ᠪᠠᠶᠢᠭᠤᠯᠭ᠎ᠠ ᠳᠤ ᠪᠠᠨ ᠪᠤᠴᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠪᠠᠶᠢᠴᠠᠭᠠᠬᠤ ᠠᠵᠢᠯ ᠤᠨ ᠡᠮᠦᠨ᠎ᠡ ᠹᠷᠣᠨᠲ ᠲᠤ ᠭᠠᠪᠰᠢᠭᠠᠶᠢᠯᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠲᠥᠯᠥᠭᠡ᠂ ᠲᠡᠷᠡ ᠨᠢᠭᠡᠨᠲᠡ ᠬᠤᠪᠢ ᠬᠥᠮᠥᠨ ᠤ ᠦᠬᠦᠵᠦ ᠰᠡᠭᠡᠬᠦ ᠪᠠ ᠠᠶᠤᠯ ᠲᠦᠭᠰᠢᠭᠦᠷᠢ ᠶᠢ ᠶᠡᠷᠦ ᠠᠴᠠ ᠪᠣᠳᠤᠭᠰᠠᠨ ᠦᠭᠡᠢ᠃ | | | | 2020 ᠣᠨ ᠤ 12 ᠳ᠋ᠤᠭᠠᠷ ᠰᠠᠷ᠎ᠠ ᠳᠤ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠬᠢᠯᠭᠠᠨ ᠬᠤᠯᠪᠣᠭᠠᠨ ᠤ ᠮᠡᠬᠡᠯᠡᠯ ᠢ | ᠤᠨᠢᠨ ᠳᠡᠭᠡᠷ᠎ᠡ ᠨᠢ ᠰᠡᠷᠭᠡᠶᠢᠯᠡᠬᠦ ᠱᠠᠭᠠᠷᠳᠠᠯᠭ᠎ᠠ ᠶᠢ ᠤᠯᠠᠮ ᠴᠢᠨᠠᠭᠰᠢᠳᠠ ᠲᠤᠭᠤᠰᠢᠯᠠᠭᠤᠯᠬᠤ ᠶᠢᠨ ᠲᠥᠯᠥᠭᠡ᠂ ᠪᠦᠬᠦ ᠠᠷᠠᠳ ᠢᠶᠠᠷ ᠢᠶᠠᠨ ᠮᠡᠬᠡᠯᠡᠯ ᠢ ᠰᠡᠷᠭᠡᠶᠢᠯᠡᠬᠦ | APP ᠢ ᠤᠭᠰᠠᠷᠠᠬᠤ ᠠᠵᠢᠯ ᠢ ᠪᠦᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠪᠡ᠂ ᠲᠡᠷᠡ ᠤᠯᠠᠨ ᠵᠢᠯ ᠤᠨ ᠨᠡᠶᠢᠭᠡᠮ ᠲᠣᠭᠤᠷᠢᠭ ᠤᠨ ᠠᠵᠢᠯ ᠤᠨ | ᠲᠤᠷᠰᠢᠯᠭ᠎ᠠ ᠪᠠᠷ ᠢᠶᠠᠨ ᠠᠵᠢᠯᠯᠠᠬᠤ ᠠᠷᠭ᠎ᠠ ᠪᠠᠨ ᠲᠣᠬᠢᠷᠠᠭᠤᠯᠵᠤ᠂ ᠰᠠᠭᠤᠭᠠᠯᠢ ᠠᠷᠠᠳ ᠤᠨ ᠠᠵᠢᠯ ᠳᠤ ᠭᠠᠷᠬᠤ ᠴᠠᠭ ᠠᠴᠠ ᠵᠠᠶᠢᠯᠠᠰᠬᠢᠵᠤ᠂ ᠡᠳᠦᠷ ᠨᠢ ᠨᠡᠶᠢᠭᠡᠮ | ᠲᠣᠭᠤᠷᠢᠭ ᠤᠨ ᠣᠷᠴᠢᠨ ᠲᠣᠭᠤᠷᠢᠨ ᠢ ᠣᠶᠢᠯᠠᠭᠠᠵᠤ᠂ ᠦᠳᠡ᠂ ᠣᠷᠣᠢ ᠠᠶᠢᠯ ᠡᠷᠦᠬᠡ ᠪᠠᠷ ᠬᠦᠷᠴᠦ ᠠᠵᠢᠯ ᠢᠶᠠᠨ ᠦᠷᠨᠢᠭᠦᠯᠵᠦ᠂ ᠲᠤᠭ᠎ᠠ ᠪᠠᠷᠢᠮᠲᠠ ᠶᠢ ᠠᠯᠢ | ᠲᠦᠷᠭᠡᠨ ᠢᠶᠠᠷ ᠴᠤᠭᠯᠠᠭᠤᠯᠬᠤ ᠶᠢᠨ ᠲᠥᠯᠥᠭᠡ᠂ ᠲᠡᠷᠡ ᠬᠤᠣᠰ ᠠᠮᠠᠷᠠᠯᠲᠠ ᠶᠢᠨ ᠡᠳᠦᠷ ᠢᠶᠠᠨ ᠤᠷᠬᠢᠵᠤ᠂ ᠰᠠᠭᠤᠭᠠᠯᠢ ᠠᠷᠠᠳ ᠤᠨ ᠣᠯᠠᠩᠬᠢ ᠨᠢ ᠭᠡᠷ ᠲᠤ ᠪᠠᠨ | ᠪᠠᠶᠢᠬᠤ ᠦᠶ᠎ᠡ ᠳᠤ ᠠᠵᠢᠯ ᠢᠶᠠᠨ ᠦᠷᠨᠢᠬᠦᠯᠦᠨ᠂ ᠲᠡᠷᠡ ᠦᠪᠡᠷ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠭᠤᠯᠤᠨ᠂ ᠣᠬᠤᠷᠬᠠᠨ ᠬᠤᠭᠤᠴᠠᠭᠠᠨ ᠤ | ᠳᠣᠲᠣᠷ᠎ᠠ ᠬᠠᠷᠢᠶ᠎ᠠ ᠲᠤᠭᠤᠷᠢᠭ ᠤᠨ ᠢᠶᠠᠨ 2000 ᠭᠠᠷᠤᠢ ᠡᠷᠤᠭᠡ ᠳᠤ ᠴᠠᠬᠢᠯᠭᠠᠨ ᠬᠤᠯᠪᠤᠭ᠎ᠠ ᠶᠢᠨ ᠮᠠᠬᠡᠯᠡᠯ ᠢ ᠰᠡᠷᠭᠡᠶᠢᠯᠡᠬᠦ APP ᠤᠭᠰᠠᠷᠠᠨ ᠥᠭᠴᠦ᠂ | ᠡᠷᠤᠭᠡ ᠳᠤ ᠤᠷᠤᠭᠰᠡᠨ ᠨᠤᠷᠮ᠎ᠠ ᠨᠢ 90% ᠠᠴᠠ ᠳᠠᠪᠠᠪᠠ᠃ | ᠬᠤᠶᠢᠰᠢᠳᠠ ᠶᠢᠨ ᠠᠵᠢᠯ ᠤᠨ ᠳᠤᠮᠳᠠ ᠪᠠᠨ ᠲᠡᠷᠡ ᠦᠨᠡᠨᠴᠢ ᠰᠢᠳᠤᠷᠭᠤ᠂ ᠬᠠᠯᠠᠭᠤᠮᠰᠤᠭ ᠢᠶᠠᠷ ᠨᠡᠶᠢᠭᠡᠮ ᠲᠣᠭᠤᠷᠢᠭ ᠲᠤ ᠦᠨᠳᠦᠰᠦᠯᠡᠵᠦ ᠠᠷᠠᠳ ᠤᠨ | ᠵᠣᠪᠠᠨᠢᠯ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠨᠡᠶᠢᠭᠡᠮ ᠤᠨ ᠰᠡᠷᠭᠡᠶᠢᠯᠡᠯᠲᠡ ᠶᠢᠨ ᠲᠣᠣᠷ ᠢ | ᠪᠠᠬᠢᠵᠢᠭᠦᠯᠵᠦ᠂ ᠴᠠᠭᠳᠠᠭ᠎ᠠ ᠠᠷᠠᠳ ᠤᠨ ᠡᠶ᠎ᠡ ᠵᠣᠬᠢᠴᠠᠩᠭᠤᠢ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠰᠢᠨ᠎ᠡ ᠬᠠᠭᠤᠳᠠᠰᠤ ᠶᠢ | ᠦᠷᠭᠦᠯᠵᠢᠯᠡᠨ ᠪᠢᠴᠢᠭᠯᠡᠨ᠎ᠡ᠃ |