ᠠᠵᠢᠯ ᠳᠤ ᠪᠠᠨ ᠭᠠᠪᠰᠢᠭᠠᠶᠢᠯᠠᠵᠤ ᠡᠭᠦᠷᠭᠡ ᠲᠤᠰᠢᠶᠠᠯ ᠳᠤ ᠪᠠᠨ ᠣᠰᠤᠯᠳᠤᠯ ᠦᠭᠡᠢ ᠤᠮᠠᠷᠠᠳᠤ ᠬᠢᠯᠢ ᠶᠢᠨ ᠰᠢᠳᠤᠷᠭᠤ ᠰᠠᠬᠢᠶ᠎ᠠ
ᠨᠡᠶᠢᠲᠡᠯᠡᠭᠰᠡᠨ ᠴᠠᠭ᠄
2022/4/25
     ᠰᠠᠶᠢᠰᠢᠶᠠᠯᠲᠤ᠂ 2010 ᠣᠨ ᠳᠤ ᠠᠯᠪᠠᠲᠠᠨ ᠤ ᠰᠢᠯᠭᠠᠯᠲᠠ ᠪᠠᠷ ᠳᠡᠮᠵᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠠᠯᠪᠠᠨ ᠳᠤ ᠭᠠᠷᠴᠤ᠂ ᠣᠲᠣ ᠴᠢᠮᠡᠭᠡ ᠮᠡᠳᠡᠭᠡ ᠵᠢᠯᠣᠭᠤᠳᠬᠤ ᠲᠥᠪ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ ᠴᠠᠭᠳᠠᠭ᠎ᠠ ᠪᠣᠯᠤᠭᠰᠠᠨ ᠠᠴᠠ ᠨᠠᠭᠠᠰᠢ᠂ ᠢᠮᠠᠭᠲᠠ ᠰᠢᠯᠢᠳᠡᠭ ᠡᠪ ᠬᠠᠮᠲᠤ ᠨᠠᠮ ᠤᠨ ᠭᠡᠰᠢᠭᠦᠨ ᠪᠣᠯᠤᠨ ᠠᠷᠠᠳ ᠤᠨ ᠴᠠᠭᠳᠠᠭ᠎ᠠ ᠶᠢᠨ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠵᠢᠯᠤᠭᠤᠳᠤᠯᠭ᠎ᠠ ᠶᠢ ᠳᠠᠭᠠᠬᠤ ᠶᠢ ᠪᠠᠷᠢᠮᠲᠠᠯᠠᠵᠤ᠂ ᠨᠥᠬᠦᠳ ᠲᠠᠢ ᠪᠠᠨ ᠪᠦᠯᠬᠦᠮᠳᠡᠵᠦ᠂ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠵᠦ᠂ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠵᠦ᠂ ᠳᠡᠭᠡᠳᠦ ᠱᠠᠲᠤᠨ ᠤ ᠤᠳᠤᠷᠢᠳᠤᠯᠭ᠎ᠠ᠂ ᠳᠡᠷᠭᠡᠳᠡᠬᠢ ᠨᠥᠬᠦᠳ ᠪᠣᠯᠤᠨ ᠥᠷᠭᠡᠨ ᠤᠯᠠᠨ ᠠᠷᠠᠳ ᠲᠦᠮᠡᠨ ᠳᠤ ᠭᠦᠢᠴᠡᠳ ᠮᠡᠳᠡᠷᠡᠭᠳᠡᠭᠰᠡᠨ ᠪᠠᠶᠢᠨ᠎ᠠ᠃ 2011 ᠣᠨ ᠠᠴᠠ 2016 ᠣᠨ ᠪᠤᠯᠳᠠᠯᠠᠬᠢ 6 ᠵᠢᠯ ᠳᠠᠷᠠᠭᠠᠯᠠᠨ ︽ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠲᠡᠷᠢᠭᠦᠨ ᠤ ᠬᠤᠪᠢ ᠬᠥᠮᠦᠨ︾ ᠤ ᠢᠷᠠᠭᠤ ᠠᠯᠳᠠᠷ ᠢ ᠭᠥᠷᠳᠡᠵᠦ᠂ 2012 ᠣᠨ ᠳᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ︽ᠪᠥᠬᠦ ᠣᠷᠣᠨ ᠤ ᠴᠠᠰᠤ ᠲᠠᠢ ᠲᠡᠮᠡᠴᠡᠵᠦ ᠭᠠᠮᠰᠢᠭ ᠠᠴᠠ ᠠᠪᠤᠷᠬᠠᠤ ᠲᠡᠷᠢᠭᠦᠨ ᠤ ᠬᠤᠪᠢ ᠬᠥᠮᠦᠨ︾ ᠢᠶᠠᠷ ᠦᠨᠡᠯᠡᠭᠳᠡᠵᠦ᠂ 2014 ᠣᠨ ᠠᠴᠠ 2017 ᠣᠨ ᠪᠣᠯᠲᠠᠯᠠᠬᠢ 4 ᠵᠢᠯ ᠳᠠᠷᠠᠭᠠᠯᠠᠨ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ︽ᠰᠢᠯᠢᠳᠡᠭ ᠠᠯᠪᠠᠲᠠᠨ︾ ᠢᠶᠠᠷ ᠦᠨᠡᠯᠡᠭᠳᠡᠵᠦ᠂ 2016 ᠣᠨ ᠳᠤ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠶᠢ ᠨᠢᠭᠡ ᠤᠳᠠᠭ᠎ᠠ ᠲᠡᠮᠳᠡᠭᠯᠡᠭᠦᠯᠵᠦ᠂ 2017 ᠣᠨ᠂ 2018 ᠣᠨ ᠳᠤ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢ ᠬᠥᠮᠦᠨ ᠤ ᠰᠠᠶᠢᠰᠢᠶᠠᠯ ᠢ ᠬᠤᠶᠠᠷ ᠤᠳᠠᠭ᠎ᠠ ᠭᠥᠷᠳᠡᠪᠡ᠃ 2019 ᠣᠨ ᠳᠤ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠶᠡᠷᠦᠩᠬᠡᠶᠢᠯᠡᠭᠰᠡᠨ ᠠᠵᠢᠯ ᠤᠨ ᠪᠠᠶᠢᠷᠢ ᠶᠢᠨ ᠵᠢᠱᠢᠶᠡᠴᠢ︾ ᠪᠠᠷ ᠦᠨᠡᠯᠡᠭᠳᠡᠵᠦ᠂ 2020 ᠣᠨ ᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢ ᠬᠥᠮᠦᠨ ᠤ ᠬᠥᠬᠢᠭᠦᠯᠦᠯ ᠢ ᠨᠢᠭᠡ ᠤᠳᠠᠭ᠎ᠠ ᠭᠥᠷᠳᠡᠵᠦ᠂ 2021 ᠣᠨ ᠳᠤ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠰᠢᠯᠢᠳᠡᠭ ᠠᠯᠪᠠᠲᠠᠨ ᠢᠶᠠᠷ ᠦᠨᠡᠯᠡᠭᠳᠡᠪᠡ᠃
1.jpg   
      2010 ᠣᠨ ᠠᠴᠠ 2013 ᠣᠨ ᠪᠣᠯᠲᠠᠯᠠᠬᠢ ᠬᠤᠭᠤᠴᠠᠭᠠᠨ ᠳᠤ᠂ ᠰᠠᠶᠢᠰᠢᠶᠠᠯᠲᠤ ᠨᠥᠬᠦᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮᠤᠭ ᠤᠨ ᠬᠤᠶᠢᠲᠤ ᠬᠡᠰᠡᠭ ᠤᠨ ᠬᠠᠷᠨᠠᠭᠤᠷ ᠤᠨ ᠲᠣᠮᠢᠯᠠᠭᠰᠠᠨ ᠰᠠᠯᠪᠤᠷᠢ ᠳᠤ ᠠᠵᠢᠯᠯᠠᠵᠤ ᠪᠠᠶᠢᠪᠠ᠃ ᠡᠨᠡ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠲᠣᠮᠢᠯᠠᠭᠰᠠᠨ ᠰᠠᠯᠪᠤᠷᠢ ᠶᠢᠨ ᠳᠠᠷᠤᠭ᠎ᠠ ᠶᠢᠨ ᠪᠣᠳᠠᠲᠠᠢ ᠵᠢᠯᠤᠭᠤᠳᠤᠯᠭ᠎ᠠ ᠳᠣᠣᠷ᠎ᠠ᠂ 8 ᠭᠠᠴᠠᠭᠠᠨ ᠤ 14 ᠠᠶᠢᠯ ᠲᠣᠰᠬᠤᠨ ᠢ ᠰᠤᠷᠪᠤᠯᠵᠢᠯᠠᠵᠤ᠂ ᠡᠷᠦᠬᠡ ᠳᠠᠷᠠᠭᠠᠯᠠᠨ ᠣᠷᠣᠵᠤ᠂ 107 ᠵᠥᠷᠢᠴᠡᠯ ᠵᠠᠭᠤᠷᠠᠯᠳᠤᠭᠠᠨ ᠢ ᠨᠢᠭᠡᠳ ᠨᠢᠭᠡ ᠪᠠᠷ ᠪᠠᠶᠢᠴᠠᠭᠠᠨ ᠰᠢᠢᠳᠪᠦᠷᠢᠯᠡᠵᠦ᠂ 96 ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠵᠦ᠂ 2 ᠣᠷᠭᠤᠳᠠᠭᠤᠯ ᠬᠡᠷᠡᠭᠲᠡᠨ ᠢ ᠪᠠᠷᠢᠪᠴᠢᠯᠠᠪᠠ᠃ ᠢᠯᠠᠩᠭᠤᠶ᠎ᠠ ᠨᠠᠮᠤᠷ ᠡᠪᠦᠯ ᠬᠠᠪᠤᠷ ᠤᠨ ᠭᠤᠷᠪᠠᠨ ᠤᠯᠠᠷᠢᠯ ᠳᠤ ᠴᠠᠰᠤ ᠰᠢᠭᠤᠷᠭ᠎ᠠ ᠶᠡᠬᠡᠲᠡᠶ᠂ ᠬᠦᠴᠢᠷᠳᠡᠯ ᠲᠤᠯᠭᠠᠷᠠᠭᠰᠠᠨ ᠤᠯᠠᠨ ᠲᠦᠮᠡᠨ ᠤ ᠪᠣᠳᠠᠲᠤ ᠪᠠᠶᠢᠳᠠᠯ ᠳᠤ ᠵᠣᠬᠢᠴᠠᠭᠤᠯᠤᠨ᠂ ᠲᠣᠮᠢᠯᠠᠭᠰᠠᠨ ᠰᠠᠯᠪᠤᠷᠢ ᠳᠤ ᠪᠠᠶᠢᠩᠭᠤ ᠰᠠᠭᠤᠵᠤ  ᠵᠢᠵᠢᠭᠦᠷᠯᠡᠵᠦ᠂ ᠠᠪᠤᠷᠠᠨ ᠲᠤᠰᠠᠯᠠᠬᠤ ᠠᠵᠢᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠤᠳᠠᠭ᠎ᠠ ᠲᠠᠷᠠᠭ᠎ᠠ ᠪᠠᠷ ᠠᠪᠤᠷᠠᠪᠠ᠃ 2011 ᠣᠨ ᠤ ᠡᠪᠦᠯ ᠤᠨ ᠤᠯᠠᠷᠢᠯ ᠳᠤ᠂ ᠬᠠᠷᠠᠨᠠᠭᠤᠷ ᠰᠤᠮᠤ ᠶᠢᠨ ᠬᠠᠷᠢᠶᠠᠨ ᠳᠤ ᠤᠯᠠᠨ ᠤᠳᠠᠭ᠎ᠠ ᠴᠠᠰᠤ ᠣᠷᠣᠵᠤ᠂ ᠴᠠᠰᠤᠨ ᠤ ᠭᠠᠮᠰᠢᠭ ᠠᠴᠠ ᠠᠪᠤᠷᠠᠨ ᠲᠤᠰᠠᠯᠠᠬᠤ ᠨᠢ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠶᠢᠨ ᠡᠳᠦᠷ ᠪᠦᠷᠢ ᠶᠢᠨ ᠴᠢᠬᠤᠯᠠ ᠠᠵᠢᠯ ᠪᠣᠯᠵᠠᠢ᠃ ᠰᠠᠶᠢᠰᠢᠶᠠᠯᠲᠤ ᠨᠥᠬᠦᠷ ᠪᠣᠯᠤᠨ ᠲᠣᠮᠢᠯᠠᠭᠰᠠᠨ ᠰᠠᠯᠪᠤᠷᠢ ᠶᠢᠨ ᠪᠤᠰᠤᠳ ᠨᠥᠬᠦᠳ ᠲᠦᠢᠯ ᠤᠨ ᠬᠦᠨᠳᠦ ᠬᠡᠴᠡᠭᠦᠦ ᠴᠠᠭ ᠠᠭᠤᠷ ᠠᠴᠠ ᠪᠣᠯᠤᠭᠰᠠᠨ ᠵᠦᠢᠯ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠮᠢ ᠪᠡᠶ᠎ᠡ ᠪᠠᠨ ᠴᠦᠯᠡᠨ ᠪᠤᠰᠤᠳ ᠢ ᠠᠪᠤᠷᠬᠠᠰᠠᠨ ᠦᠢᠯᠡ ᠠᠵᠢᠯᠯᠠᠭ᠎ᠠ ᠲᠤᠪᠤᠶᠢᠮ᠎ᠠ ᠪᠠᠶᠢᠵᠤ᠂ ᠥᠷᠭᠡᠨ ᠤᠯᠠᠨ ᠲᠦᠮᠡᠨ ᠳᠤ ᠭᠦᠢᠴᠡᠳ ᠮᠡᠳᠡᠷᠡᠭᠳᠡᠨ ᠢᠲᠡᠭᠡᠭᠳᠡᠭᠰᠡᠨ ᠠᠴᠠ 2012 ᠣᠨ ᠤ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ︽ᠪᠦᠬᠦ ᠣᠷᠣᠨ ᠤ ᠴᠠᠰᠤ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠡᠷᠢᠭᠦᠨ ᠤ ᠬᠤᠪᠢ ᠬᠥᠮᠦᠨ︾ ᠢᠶᠠᠷ ᠦᠨᠡᠯᠡᠭᠳᠡᠪᠡ᠃ ᠲᠤᠰ ᠵᠢᠯ ᠳᠤ᠂ ᠬᠠᠷᠠᠨᠠᠭᠤᠷ ᠤᠨ ᠲᠣᠮᠢᠯᠠᠭᠰᠠᠨ ᠰᠠᠯᠪᠤᠷᠢ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ︽ᠪᠦᠬᠦ ᠣᠷᠣᠨ ᠤ ᠴᠠᠰᠤ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠡᠷᠢᠭᠦᠨ ᠤ ᠬᠠᠮᠲᠤ︾ ᠪᠠᠷ ᠦᠨᠡᠯᠡᠭᠳᠡᠪᠡ᠃
4.jpg   
     2013 ᠣᠨ ᠳᠤ᠂ ᠰᠠᠶᠢᠰᠢᠶᠠᠯᠲᠤ ᠨᠥᠬᠦᠷ ᠠᠵᠢᠯ ᠤᠨ ᠬᠡᠷᠡᠭᠴᠡᠭᠡ ᠠᠴᠠ ᠪᠤᠯᠵᠤ ᠤᠯᠤᠰ ᠲᠦᠷᠦ ᠶᠢᠨ ᠭᠠᠵᠠᠷ ᠲᠤ ᠰᠢᠯᠵᠢᠨ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ ᠬᠢᠪᠡ᠃ ᠡᠨᠡ ᠬᠤᠭᠤᠴᠠᠭᠠᠨ ᠳᠤ᠂ ᠰᠠᠶᠢᠰᠢᠶᠠᠯᠲᠤ ᠨᠥᠬᠦᠷ ᠢᠮᠠᠭᠲᠠ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠵᠤ᠂ ᠤᠬᠠᠭᠤᠯᠭ᠎ᠠ ᠶᠢᠨ ᠠᠵᠢᠯ ᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠴᠢᠷᠮᠠᠶᠢᠨ ᠪᠠᠳᠠᠷᠠᠭᠤᠯᠵᠤ᠂ ᠦᠨᠳᠦᠰᠦᠨ ᠱᠠᠲᠤᠨ ᠤ ᠡᠮᠦᠨ᠎ᠡ ᠡᠩᠨᠡᠭᠡᠨ ᠳᠤ ᠭᠦᠨᠵᠡᠭᠡᠶᠢᠷᠡᠵᠦ᠂ ᠨᠢᠭᠡᠳᠦᠭᠡᠷ ᠹᠷᠣᠨᠲ ᠢ ᠲᠠᠭᠠᠨ ᠪᠠᠶᠢᠯᠳᠤᠵᠤ᠂ ᠨᠢᠭᠡᠨ ᠰᠢᠯᠢᠳᠡᠭ ᠤᠬᠠᠭᠤᠯᠭ᠎ᠠ ᠶᠢᠨ ᠠᠵᠢᠯᠳᠠᠨ ᠤ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠴᠢᠩᠭ᠎ᠠ ᠠᠵᠢᠯ ᠦᠢᠯᠡᠰ ᠤᠨ ᠰᠡᠳᠬᠢᠯᠭᠡ ᠪᠠᠷ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ ᠶᠢᠨ ᠠᠵᠢᠯ ᠠᠮᠢᠳᠤᠷᠠᠯ ᠢ ᠦᠨᠡᠨ ᠪᠣᠳᠠᠲᠠᠢ ᠪᠠᠷ ᠲᠡᠮᠳᠡᠭᠯᠡᠪᠡ᠃ 2013 ᠣᠨ ᠠᠴᠠ 2016 ᠣᠨ ᠪᠣᠯᠲᠠᠯ᠎ᠠ᠂ ᠰᠠᠶᠢᠰᠢᠶᠠᠯᠲᠤ ᠨᠥᠬᠦᠷ ᠤᠨ ᠣᠷᠣᠯᠴᠠᠵᠤ ᠰᠡᠭᠦᠳᠡᠷᠯᠡᠭᠰᠡᠨ ᠪᠠ ᠭᠠᠷᠳᠠᠨ ᠪᠢᠴᠢᠭᠰᠡᠨ ᠡᠬᠡ ᠪᠢᠴᠢᠭ ᠢ ᠥᠪᠥᠷ ᠮᠣᠩᠭᠤᠯ ᠤᠨ ᠲᠧᠯᠸᠢᠰ ᠬᠤᠷᠢᠶ᠎ᠠ᠂ ︽ᠥᠪᠥᠷ ᠮᠣᠩᠭᠤᠯ ᠤᠨ ᠡᠳᠦᠷ ᠤᠨ ᠰᠣᠨᠢᠨ︾ ᠂ ︽ᠥᠪᠥᠷ ᠮᠣᠩᠭᠤᠯ ᠤᠨ ᠬᠠᠤᠯᠢ ᠲᠦᠷᠢᠮ ᠤᠨ ᠰᠣᠨᠢᠨ︾ ᠵᠡᠷᠭᠡ ᠭᠤᠣᠯ ᠵᠠᠭᠤᠴᠢᠯᠠᠭᠤᠷ ᠤᠨ ᠬᠢᠨ ᠳᠤ ᠨᠡᠶᠢᠳᠡ 430 ᠭᠠᠷᠤᠢ ᠬᠤᠪᠢ ᠬᠡᠷᠡᠭᠯᠡᠵᠡᠢ᠃      2017 ᠣᠨ ᠤ 4 ᠰᠠᠷ᠎ᠠ ᠳᠤ᠂ ᠰᠠᠶᠢᠰᠢᠶᠠᠯᠲᠤ ᠨᠥᠬᠦᠷ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠳᠤ ᠰᠢᠯᠵᠢᠨ ᠠᠵᠢᠯᠯᠠᠵᠤ᠂ ᠪᠥᠬᠦ ᠠᠶᠢᠮᠠᠭ ᠤᠨ ︽ᠵᠠᠮ ᠬᠠᠷᠢᠯᠴᠠᠭ᠎ᠠ ᠪᠠ ᠴᠠᠭᠳᠠᠭ᠎ᠠ ᠶᠢ ᠨᠢᠭᠡᠳᠬᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭᠠᠨ ᠤ ᠵᠢᠯᠣᠭᠤᠳᠣᠯᠭ᠎ᠠ᠂ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ᠂ ᠡᠷᠡᠭᠦᠤ ᠶᠢᠨ ᠬᠡᠷᠡᠭ ᠤᠨ ᠬᠠᠤᠯᠢ ᠬᠡᠷᠡᠭᠵᠢᠭᠦᠯᠦᠯᠲᠡ ᠵᠡᠷᠭᠡ ᠠᠵᠢᠯ ᠢ ᠡᠬᠢᠯᠡᠨ ᠬᠢᠪᠠ᠃ ᠰᠠᠶᠢᠰᠢᠶᠠᠯᠲᠤ ᠨᠥᠬᠦᠷ ᠳᠥᠷᠪᠡᠨ ᠵᠢᠯ ᠤᠨ ᠤᠬᠠᠭᠤᠯᠭ᠎ᠠ ᠶᠢᠨ ᠠᠵᠢᠯ ᠤᠨ ᠳᠤᠮᠳᠠ ᠬᠤᠷᠠᠮᠳᠤᠭᠤᠯᠤᠭᠰᠠᠨ ᠠᠵᠢᠯ ᠤᠨ ᠣᠨᠣᠯ ᠢᠶᠠᠨ ᠬᠡᠷᠡᠭ ᠰᠢᠢᠳᠪᠦᠷᠢᠯᠡᠬᠦ ᠪᠣᠳᠠᠲᠠᠶ ᠶᠠᠪᠤᠴᠠ ᠳᠤ ᠬᠡᠷᠡᠭᠯᠡᠵᠦ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠡᠷᠡᠭ ᠢ 279 ᠤᠳᠠᠭ᠎ᠠ ᠰᠡᠷᠭᠡᠶᠢᠯᠡᠨ ᠬᠤᠷᠢᠭᠯᠠᠵᠤ᠂ ᠬᠡᠷᠡᠭ ᠤᠨ ᠰᠡᠵᠢᠭᠳᠡᠨ ᠪᠠ ᠣᠷᠭᠤᠳᠠᠭᠤᠯ ᠬᠡᠷᠡᠭᠲᠡᠨ ᠤ ᠬᠡᠷᠡᠭ ᠬᠢᠭᠰᠡᠨ ᠭᠠᠵᠠᠷ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ᠂ ᠦᠷᠭᠦᠯᠵᠢ ᠣᠷᠣᠵᠤ ᠭᠠᠷᠬᠤ ᠭᠠᠵᠠᠷ ᠤᠨ ᠲᠣᠭᠤᠷᠢᠨ ᠳᠤ ᠣᠯᠠᠨ ᠲᠦᠮᠡᠨ ᠤ ᠠᠵᠢᠯ ᠢ ᠶᠡᠭᠡ ᠬᠡᠮᠵᠢᠶ᠎ᠡ ᠪᠠᠷ ᠬᠢᠵᠦ᠂ ᠣᠯᠠᠨ ᠲᠦᠮᠡᠨ ᠤ ᠬᠠᠩᠭᠠᠭᠰᠠᠨ ᠰᠦᠪᠡᠭᠴᠢ ᠪᠠᠷ ᠳᠠᠮᠵᠢᠭᠤᠯᠤᠨ᠂ 2017 ᠣᠨ ᠤ 4 ᠰᠠᠷ᠎ᠠ ᠠᠴᠠ 11 ᠰᠠᠷ᠎ᠠ ᠪᠣᠯᠲᠠᠯᠠᠬᠢ ᠬᠤᠭᠤᠴᠠᠭᠠᠨ ᠳᠤ᠂ ᠨᠢᠭᠡᠨ ᠢᠵᠢ ︽ᠣᠷᠭᠤᠳᠠᠭᠤᠯ ᠬᠡᠷᠡᠭᠲᠡᠨ ᠢ ᠪᠠᠷᠢᠪᠴᠢᠯᠠᠬᠤ ᠠᠷᠪᠠᠨ ᠠᠯᠬᠤᠮ ᠤᠨ ᠠᠵᠢᠯ ᠤᠨ ᠠᠷᠭ᠎ᠠ︾ ᠶᠢ ᠰᠦᠪᠡᠭᠴᠢᠯᠡᠨ ᠭᠠᠷᠭᠠᠵᠤ᠂ ᠤᠷᠢᠳ ᠬᠤᠵᠢᠳ 18 ᠨᠡᠷᠡᠰ ᠡᠯ᠎ᠡ ᠲᠥᠷᠥᠯ ᠤᠨ ᠬᠡᠷᠡᠭ ᠤᠨ ᠣᠷᠭᠤᠳᠠᠭᠤᠯ ᠬᠡᠷᠡᠭᠲᠡᠨ ᠢ ᠪᠠᠷᠢᠪᠴᠢᠯᠠᠪᠠ᠃    ᠵᠢᠯᠣᠭᠤᠳᠬᠤ ᠲᠥᠪ ︵ᠠᠯᠪᠠᠨ ᠭᠡᠷ︶ ᠲᠤ ᠠᠵᠢᠯᠯᠠᠭᠰᠠᠨ ᠠᠴᠠ ᠬᠤᠶᠢᠰᠢ᠂ ᠰᠠᠶᠢᠰᠢᠶᠠᠯᠲᠤ ᠨᠥᠬᠦᠷ ᠠᠯᠪᠠᠨ ᠪᠢᠴᠢᠭ ᠤᠨ ᠰᠢᠢᠳᠪᠦᠷᠢᠯᠡᠯᠲᠡ ᠶᠢ ᠥᠨᠳᠥᠷ ᠪᠦᠲᠦᠮᠵᠢᠲᠡᠢ ᠰᠠᠶᠢᠲᠤᠷ ᠬᠢᠬᠦ᠂ ᠦᠢᠯᠡᠴᠢᠯᠡᠭᠡᠨ ᠤ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢᠨ ᠦᠨᠳᠦᠰᠦᠯᠡᠯ ᠬᠠᠩᠭᠠᠬᠤ᠂ ᠵᠢᠯᠣᠭᠤᠳᠤᠨ ᠲᠤᠬᠢᠷᠠᠭᠤᠯᠬᠤ ᠪᠠ 110 ᠲᠥᠭᠰᠢᠭᠦᠷᠢ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠵᠡᠷᠭᠡ ᠲᠠᠯ᠎ᠠ ᠪᠠᠷ ᠨᠢᠭᠡ ᠰᠡᠳᠬᠢᠯ ᠢᠶᠠᠷ ᠰᠤᠳᠤᠯᠵᠠᠢ᠃ ︽ᠴᠠᠭᠳᠠᠭᠠᠨ ᠤ ᠬᠤᠸᠠᠷᠠᠨ ᠳᠤ ᠠᠷᠤᠤᠬᠠᠨ ᠤᠬᠠᠭᠠᠨ ᠤ ᠪᠠᠰᠢᠯᠭᠠᠬᠤ︾ ᠶᠡᠷᠦᠩᠬᠡᠶᠢᠯᠡᠭᠰᠡᠨ ᠨᠢᠭᠡᠳᠦᠯᠲᠡᠶ ᠲᠥᠯᠥᠪᠯᠡᠬᠦ ᠴᠢᠳᠠᠪᠤᠷᠢ ᠪᠠᠨ ᠲᠠᠰᠤᠷᠠᠯᠲᠠ ᠦᠭᠡᠶ ᠳᠠᠪᠲᠠᠨ ᠪᠣᠯᠪᠠᠰᠤᠷᠠᠭᠤᠯᠵᠤ᠂ ︽ᠤᠴᠢᠷ ᠶᠠᠪᠤᠳᠠᠯ ᠢ ᠨᠠᠳᠠ ᠪᠠᠷ ᠰᠢᠢᠳᠪᠦᠷᠢᠯᠡᠭᠦᠯᠬᠦ ᠳᠤ ᠰᠠᠨᠠᠭ᠎ᠠ ᠠᠮᠤᠷ ᠪᠠᠶᠢᠭᠠᠷᠠᠶ︾ ᠭᠡᠬᠦ ᠠᠵᠢᠯ ᠤᠨ ᠭᠦᠢᠴᠡᠳᠬᠡᠬᠦ ᠴᠢᠳᠠᠪᠤᠷᠢ ᠲᠠᠢ᠂ ︽ᠵᠣᠬᠢᠶᠠᠯ ᠢ ᠪᠢᠴᠢᠬᠦ ᠳᠤ ᠠᠳᠡᠭᠦᠦ ᠲᠠᠰᠢᠶ᠎ᠠ ᠦᠭᠡᠶ︾ ᠭᠡᠬᠦ ᠦᠰᠦᠭ ᠤᠨ ᠶᠡᠷᠦᠩᠬᠡᠶᠢᠯᠡᠭᠰᠡᠨ ᠴᠢᠳᠠᠪᠤᠷᠢ ᠶᠢᠨ ᠲᠠᠯ᠎ᠠ ᠪᠠᠷ᠂ ᠤᠷᠢᠳ ᠬᠤᠵᠢᠳ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠯᠣᠭᠤᠳᠬᠤ ᠲᠥᠪ ︵ᠠᠯᠪᠠᠨ ᠬᠡᠷ︶ ᠤᠨ ᠠᠵᠢᠯ ᠤᠨ ᠲᠦᠷᠢᠮ ᠤᠨ ᠵᠢᠷᠤᠮᠵᠢᠯ︾᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠲᠥᠭᠰᠢᠭᠦᠷᠢ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠵᠢᠷᠤᠮᠵᠢᠯ︾᠂︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠧᠩ ᠤᠨ ᠪᠠᠭᠠᠨ᠎ᠠ ᠶᠢᠨ ᠲᠥᠭᠰᠢᠭᠦᠷᠢ ᠮᠡᠳᠡᠭᠦᠯᠬᠦ ᠰᠢᠰᠲ᠋ᠧᠮ ᠤᠨ ᠠᠵᠢᠯ ᠤᠨ ᠵᠦᠭᠯᠡᠭᠦᠷ︾᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭ᠎ᠠ ᠶᠢᠨ ᠪᠠᠶᠢᠳᠠᠯ ᠢ ᠰᠢᠢᠳᠪᠦᠷᠢᠯᠡᠬᠦ ᠠᠵᠢᠯ ᠤᠨ ᠵᠢᠷᠤᠮᠵᠢᠯ︾᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠢᠮᠠᠨ ᠶᠡᠭᠡ ᠲᠥᠷᠥᠯ ᠤᠨ ᠴᠠᠭᠳᠠᠭ᠎ᠠ ᠶᠢᠨ ᠪᠠᠶᠢᠳᠠᠯ ᠢ ᠰᠢᠢᠳᠪᠦᠷᠢᠯᠡᠬᠦ ᠠᠵᠢᠯ ᠤᠨ ᠶᠠᠪᠤᠴᠠ︾ ᠵᠡᠷᠭᠡ ᠲᠦᠷᠢᠮ ᠲᠣᠭᠲᠠᠭᠠᠯ ᠢ ᠲᠣᠭᠲᠠᠭᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠰᠢᠷᠭᠠᠭᠤ ᠬᠠᠲᠠᠭᠤᠵᠢᠯᠲᠠᠶ ᠠᠵᠢᠯᠯᠠᠵᠤ᠂ ᠨᠡᠶᠢᠳᠡ 2920 ᠬᠤᠪᠢ ᠪᠢᠴᠢᠭ ᠮᠠᠲ᠋ᠧᠷᠢᠶᠠᠯ ᠬᠤᠷᠢᠶᠠᠵᠤ᠂ 2653 ᠬᠤᠪᠢ ᠪᠢᠴᠢᠭ ᠮᠠᠲ᠋ᠧᠷᠢᠶᠠᠯ ᠲᠠᠷᠬᠠᠭᠠᠵᠤ᠂ ᠡᠯ᠎ᠡ ᠲᠦᠷᠦᠯ ᠤᠨ ᠮᠠᠲ᠋ᠧᠷᠢᠶᠠᠯ ᠢ 600 ᠭᠠᠷᠤᠶ ᠬᠤᠪᠢ ᠲᠤᠭᠤᠷᠪᠢᠵᠤ ᠵᠠᠰᠠᠪᠤᠷᠢ ᠣᠷᠣᠭᠤᠯᠪᠠ᠂ ᠡᠭᠦᠨ ᠳᠤ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ᠂ ᠲᠣᠪᠴᠢᠯᠠᠯ ᠢ 300 ᠭᠠᠷᠤᠶ ᠬᠤᠪᠢ ᠲᠤᠭᠤᠷᠪᠢᠵᠤ᠂ ᠲᠣᠪᠴᠢᠶ᠎ᠠ ᠶᠢᠨ ᠶᠠᠪᠤᠳᠠᠯ ᠤᠨ ᠬᠤᠷᠠᠯ ᠢ 50 ᠭᠠᠷᠤᠶ ᠤᠳᠠᠭ᠎ᠠ᠂ ᠲᠤᠰᠬᠠᠶ ᠰᠡᠳᠦᠪᠲᠦ ᠬᠤᠷᠠᠯ ᠢ 200 ᠭᠠᠷᠤᠶ ᠤᠳᠠᠭ᠎ᠠ ᠵᠣᠬᠢᠶᠠᠨ ᠪᠠᠶᠢᠭᠤᠯᠤᠨ ᠲᠣᠬᠢᠷᠠᠭᠤᠯᠵᠤ᠂ ᠬᠤᠷᠠᠯ ᠠᠴᠠ ᠡᠮᠦᠨᠡᠬᠢ ᠪᠡᠯᠡᠳᠬᠡᠯ᠂ ᠬᠤᠷᠠᠯ ᠤᠨ ᠳᠤᠮᠳᠠᠬᠢ ᠦᠢᠯᠡᠴᠢᠯᠡᠭᠡ᠂ ᠬᠤᠷᠠᠯ ᠤᠨ ᠳᠠᠷᠠᠭᠠᠬᠢ ᠮᠠᠲ᠋ᠧᠷᠢᠶᠠᠯ ᠢ ᠡᠮᠬᠢᠳᠬᠡᠬᠦ ᠵᠡᠷᠭᠡ ᠠᠵᠢᠯ ᠢ ᠢᠳᠡᠪᠬᠢᠲᠡᠶ ᠵᠣᠬᠢᠴᠠᠭᠤᠯᠵᠤ᠂ ᠲᠠᠰᠤᠷᠠᠯᠳᠠ ᠦᠭᠡᠢ ᠵᠢᠷᠤᠮᠵᠢᠭᠤᠯᠵᠤ᠂ ᠡᠯ᠎ᠡ ᠲᠦᠷᠦᠯ ᠤᠨ ᠲᠠᠩᠰᠠ ᠡᠪᠬᠡᠮᠡᠯ ᠢ ᠨᠡᠶᠢᠳᠡ 5967 ᠬᠤᠪᠢ ᠡᠮᠬᠢᠯᠡᠵᠦ᠂ 10 ᠭᠠᠷᠤᠶ ᠲᠦᠮᠡᠨ ᠦᠰᠦᠭ ᠲᠠᠢ ᠲᠤᠰ ᠲᠣᠪᠴᠢᠶ᠎ᠠ ᠶᠢᠨ ︽ᠳᠣᠲᠣᠭᠠᠳᠤ ᠶᠢ ᠬᠠᠮᠠᠭᠠᠯᠠᠬᠤ ᠣᠶᠢᠯᠠᠯᠭ᠎ᠠ︾ ᠶᠢ ᠪᠢᠴᠢᠬᠦ ᠡᠭᠦᠷᠭᠡ ᠶᠢ ᠪᠡᠶᠡᠯᠡᠭᠦᠯᠪᠡ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠴᠢᠮᠡᠭᠡ ᠮᠡᠳᠡᠭᠡ ᠵᠢᠯᠣᠭᠤᠳᠬᠤ ᠦᠢᠯᠡᠴᠢᠯᠡᠭᠡᠨ ᠶᠠᠷᠢᠶ᠎ᠠ ᠬᠡᠯᠡᠯᠴᠡᠭᠡ︾ ᠶᠢ ᠨᠢᠭᠡ ᠴᠤᠭᠴᠠᠵᠢᠭᠤᠯᠤᠭᠰᠠᠨ ᠪᠣᠳᠠᠲᠤ ᠪᠠᠶᠢᠯᠳᠤᠭᠠᠨᠴᠢᠯᠠᠭᠰᠠᠨ ᠠᠵᠢᠯᠯᠠᠭᠠᠨ ᠤ ᠲᠣᠭᠲᠠᠴᠠ ᠶᠢᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠤᠨ ᠬᠤᠷᠠᠯ ᠵᠢᠴᠢ ᠴᠢᠮᠡᠭᠡ ᠮᠡᠳᠡᠭᠡ ᠵᠢᠯᠣᠭᠤᠳᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠳᠠᠯ ᠢ ᠵᠢᠭᠠᠬᠤ ᠲᠥᠪ ᠤᠨ ᠬᠦᠴᠦᠲᠡᠶ ᠳᠡᠮᠵᠢᠯᠭᠡ ᠪᠠ ᠲᠤᠰ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠢᠮᠡᠭᠡ ᠮᠡᠳᠡᠭᠡ ᠵᠢᠯᠤᠭᠤᠳᠬᠤ ᠲᠥᠪ ᠤᠨ ᠠᠷᠠᠳ ᠤᠨ ᠴᠠᠭᠳᠠᠭ᠎ᠠ ᠶᠢ ᠳᠠᠭᠠᠭᠤᠯᠤᠨ ᠨᠢᠭᠡ ᠲᠠᠯ᠎ᠠ ᠪᠠᠷ ᠪᠠᠶᠢᠴᠠᠭᠠᠨ ᠰᠤᠷᠤᠯᠴᠠᠵᠤ᠂ ᠨᠥᠭᠦᠭᠡ ᠲᠠᠯ᠎ᠠ ᠪᠠᠷ ᠲᠥᠰᠦᠯ ᠰᠤᠳᠤᠯᠵᠤ᠂ 2021 ᠣᠨ ᠤ 5 ᠰᠠᠷ᠎ᠠ ᠠᠴᠠ ᠡᠬᠢᠯᠡᠵᠦ᠂ ᠴᠢᠮᠡᠭᠡ  ᠮᠡᠳᠡᠭᠡ ᠵᠢᠯᠣᠭᠤᠳᠬᠤ ᠲᠥᠪ ᠢ ᠳᠠᠬᠢᠨ ᠥᠭᠡᠷᠡᠴᠢᠯᠡᠨ ᠳᠡᠰ ᠳᠡᠪᠰᠢᠭᠦᠯᠵᠦ᠂ ᠴᠢᠮᠡᠭᠡ ᠮᠡᠳᠡᠭᠡ ᠵᠢᠯᠣᠭᠤᠳᠬᠤ ᠲᠥᠪ᠂ ᠨᠡᠶᠢᠯᠡᠮᠡᠯ ᠪᠠᠶᠢᠯᠳᠤᠭᠠᠨ ᠤ ᠲᠥᠪ᠂ ᠮᠡᠬᠡᠯᠡᠯ ᠢ ᠡᠰᠡᠷᠭᠦᠴᠡᠬᠦ ᠲᠥᠪ ᠵᠡᠷᠭᠡ ︽ᠭᠤᠷᠪᠠᠨ ᠲᠥᠪ︾ ᠢ ᠵᠡᠷᠭᠡ ᠪᠠᠷ ᠪᠠᠶᠢᠭᠤᠯᠵᠤ᠂ ︽ᠪᠦᠲᠦᠭᠡᠨ ᠪᠠᠶᠢᠭᠤᠯᠬᠤ᠂ ᠬᠡᠷᠡᠭᠯᠡᠬᠦ᠂ ᠲᠡᠭᠦᠯᠳᠡᠷᠵᠢᠭᠦᠯᠬᠦ︾ ᠠᠵᠢᠯ ᠤᠨ ᠰᠡᠳᠬᠢᠴᠡ ᠪᠠᠷ ᠠᠶᠤᠯ ᠲᠦᠭᠰᠢᠭᠦᠷᠢ ᠶᠢ ᠰᠡᠷᠭᠡᠶᠢᠯᠡᠬᠦ ᠪᠠᠷ ᠭᠤᠣᠯ ᠰᠢᠵᠢᠮ ᠪᠣᠯᠭᠠᠵᠤ᠂ ᠪᠣᠳᠠᠲᠤ ᠪᠠᠶᠢᠯᠳᠤᠭᠠᠨ ᠤ ᠪᠣᠳᠠᠲᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ︽ᠳᠥᠷᠪᠡᠨ ᠲᠣᠣᠷ ᠰᠦᠯᠵᠢᠶ᠎ᠡ︾ ᠶᠢᠨ 14 ᠵᠦᠢᠯ ᠤᠨ ᠠᠷᠭ᠎ᠠ ᠪᠠᠷᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠯᠠᠨ ᠲᠦᠷᠦᠯ ᠤᠨ ᠴᠠᠭᠳᠠᠭᠠᠨ ᠤ ᠲᠦᠷᠦᠯ ᠢ ᠨᠡᠶᠢᠯᠡᠭᠦᠯᠦᠨ ᠪᠠᠶᠢᠯᠳᠤᠭᠤᠯᠵᠤ᠂ ᠪᠦᠬᠦ ᠠᠷᠭ᠎ᠠ ᠪᠠᠷ ᠲᠤᠯᠭᠠᠭᠤᠷᠢᠯᠠᠵᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠤᠨ ᠲᠣᠮᠢᠯᠠᠭᠰᠠᠨ ᠰᠠᠯᠪᠤᠷᠢ ᠶᠢᠨ ᠬᠤᠶᠠᠳᠤᠭᠠᠷ ᠳᠡᠰ ᠤᠨ ᠨᠡᠶᠢᠯᠡᠮᠡᠯ ᠪᠠᠶᠢᠯᠳᠤᠭᠠᠨ ᠤ ᠨᠢᠭᠡᠴᠢ ᠶᠢ ᠰᠢᠰᠲ᠋ᠧᠮ ᠲᠠᠢ ᠪᠠᠶᠢᠭᠤᠯᠵᠤ᠂ ᠴᠠᠭᠳᠠᠭᠠᠨ ᠤ ᠶᠠᠪᠤᠳᠠᠯ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠨᠡᠩ ᠢᠯᠡᠭᠦᠦ ᠴᠡᠭ ᠠᠴᠠ ᠴᠡᠭ ᠲᠤ ᠬᠦᠷᠲᠡᠯ᠎ᠡ ᠳᠡᠯᠭᠡᠷᠡᠭᠦᠯᠦᠨ ᠥᠨᠳᠥᠷ ᠦᠷ᠎ᠡ ᠠᠰᠢᠭ ᠲᠠᠢ᠂ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠬᠠᠮᠢᠶᠠᠷᠤᠯᠲᠠ ᠶᠢ ᠨᠡᠩ ᠢᠯᠡᠭᠦᠦ ᠪᠣᠳᠠᠲᠤ ᠳᠠᠶᠢᠨ ᠤ ᠤᠶᠤᠨᠴᠢᠯᠠᠬᠰᠠᠨ᠂ ᠴᠠᠭᠳᠠᠭᠠᠨ ᠤ ᠶᠠᠪᠤᠳᠠᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠡᠩ ᠨᠠᠷᠢᠯᠢᠭ ᠣᠨᠣᠴᠠᠲᠠᠢ ᠡᠷᠴᠢᠮᠯᠢᠭ ᠪᠣᠯᠭᠠᠭᠰᠠᠨ ︽ᠴᠢᠮᠡᠭᠡ ᠮᠡᠳᠡᠭᠡ ᠵᠢᠯᠣᠭᠤᠳᠬᠤ ᠦᠢᠯᠡᠴᠢᠯᠡᠭᠡᠨ ᠶᠠᠷᠢᠶ᠎ᠠ ᠬᠡᠯᠡᠯᠴᠡᠭᠡ︾ ᠶᠢ ᠨᠢᠭᠡ ᠴᠤᠬᠴᠠᠵᠢᠭᠤᠯᠤᠬᠰᠠᠨ ᠪᠣᠳᠠᠲᠤ ᠪᠠᠯᠳᠤᠭᠠᠨᠴᠢᠯᠠᠭᠰᠠᠨ ᠠᠵᠢᠯᠯᠠᠭᠠᠨ ᠤ ᠲᠣᠭᠲᠠᠴᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠪᠠ᠃
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ