ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠩᠰᠢ ᠠᠴᠠ ᠡᠮᠦᠨ᠎ᠡ ︽ᠠᠮᠤᠭᠤᠯᠠᠩᠳᠤ ᠬᠤᠶᠠᠳᠤᠭᠠᠷ ᠨᠣᠮᠧᠷᠲᠤ︾ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/25
     ᠬᠠᠩᠰᠢ ᠶᠢᠨ ᠬᠤᠭᠤᠴᠠᠭᠠᠨ ᠳᠤ ᠪᠦᠬᠦ ᠬᠤᠰᠢᠭᠤᠨ ᠤ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠰᠠᠶᠢᠲᠤᠷ ᠨᠠᠶᠢᠳᠠᠪᠤᠷᠢᠵᠢᠭᠤᠯᠬᠤ᠂ ᠨᠡᠶᠢᠭᠡᠮ ᠤᠨ ᠠᠮᠤᠷ ᠲᠦᠪᠰᠢᠨ᠂ ᠵᠠᠮ ᠬᠠᠷᠢᠯᠴᠠᠭ᠎ᠠ ᠵᠡᠷᠭᠡ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ᠂ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠷᠣᠨ ᠵᠠᠶ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠠᠮᠤᠷ ᠠᠮᠤᠭᠤᠯᠠᠩ ᠡᠶ᠎ᠡ ᠵᠣᠬᠢᠴᠠᠯ ᠲᠠᠢ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠶᠢᠨ ᠲᠥᠯᠦᠭᠡ᠂ ᠬᠤᠲᠠ ᠶᠢᠨ ᠲᠣᠪᠴᠢᠶ᠎ᠠ ᠶᠢᠨ ︽ᠠᠮᠤᠭᠤᠯᠠᠩᠳᠤ︾ ᠰᠢᠷᠢᠰ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ 4 ᠳ᠋ᠤᠭᠠᠷ ᠰᠠᠷ᠎ᠠ ᠶᠢᠨ 2 ᠠᠴᠠ 3 ᠤ ᠡᠳᠦᠷ ᠪᠣᠯᠲᠠᠯ᠎ᠠ᠂ ᠪᠠᠶᠠᠠᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2 ᠡᠳᠦᠷ ᠤᠨ ᠬᠤᠭᠤᠴᠠᠭ᠎ᠠ ᠲᠠᠢ ︽  ᠠᠮᠤᠭᠤᠯᠠᠩᠳᠤ ᠬᠤᠶᠠᠳᠤᠭᠠᠷ︾ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
A21A0746.JPG   
      ᠲᠣᠰ ᠤᠳᠠᠭᠠᠨ ᠤ ᠠᠵᠢᠯᠯᠠᠭ᠎ᠠ ᠳᠤ ᠴᠠᠭᠳᠠᠭᠠᠨ ᠤ ᠬᠦᠴᠦᠨ ᠢ ᠨᠡᠶᠢᠲᠡ 240 ᠭᠠᠷᠤᠶ ᠬᠥᠮᠦᠨ ᠤᠳᠠᠭ᠎ᠠ ᠬᠥᠳᠡᠯᠭᠡᠵᠦ᠂ ᠴᠠᠭᠳᠠᠭᠠᠨ ᠤ ᠲᠡᠷᠭᠡ ᠶᠢ 26 ᠭᠠᠷᠭᠠᠵᠤ᠂ ᠠᠶᠠᠨᠴᠢᠳ ᠤᠨ ᠪᠠᠭᠤᠳᠠᠯ᠂ ᠰᠦᠯᠵᠢᠶᠡᠨ ᠤ ᠪᠠᠭᠠᠷ᠂ ᠬᠤᠳᠠᠯᠳᠤᠭᠠᠨ ᠤ ᠲᠠᠯᠠᠪᠤᠷ ᠵᠡᠷᠭᠡ ᠠᠵᠢᠯ ᠲᠥᠷᠥᠯ ᠤᠨ 140 ᠭᠠᠷᠤᠶ ᠴᠡᠭᠴᠡᠯᠡᠨ ᠵᠠᠰᠠᠬᠤ ᠲᠠᠯᠠᠪᠤᠷ ᠢ ᠪᠠᠶᠢᠴᠠᠭᠠᠵᠤ᠂ 4 ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠵᠦ᠂ 4 ᠭᠠᠵᠠᠷ ᠢ ᠲᠤᠬᠠᠶ ᠶᠢᠨ ᠲᠠᠯᠠᠪᠤᠷ ᠲᠤ ᠴᠡᠭᠴᠡᠯᠡᠨ ᠵᠠᠰᠠᠪᠠ᠃ ᠪᠠᠶᠢᠴᠠᠭᠠᠨ ᠴᠡᠭᠴᠡᠯᠡᠬᠦ ᠪᠠᠷ ᠳᠡᠮᠵᠢᠨ᠂ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠵᠦ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠦᠷᠳᠡᠭᠦᠯᠦᠨ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠨᠡᠶᠢᠭᠡᠮ ᠤᠨ ᠪᠦᠬᠦ ᠲᠠᠯ᠎ᠠ ᠶᠢ ᠦᠷᠭᠦᠯᠵᠢᠯᠡᠨ ᠲᠣᠭᠲᠠᠭᠤᠨ ᠪᠠᠶᠢᠯᠭᠠᠬᠤ ᠳᠤ ᠰᠠᠶᠢᠨ ᠰᠠᠭᠤᠷᠢ ᠲᠠᠯᠪᠢᠵᠤ ᠥᠭᠪᠡ᠃
ᠢᠷᠡᠯᠲᠡ᠄ ᠪᠠᠶᠠᠠᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ