3 ᠳ᠋ᠤᠭᠠᠷ ᠰᠠᠷ᠎ᠠ ᠶᠢᠨ 2 ᠤᠨ ᠦᠳᠡ ᠶᠢᠨ ᠬᠤᠶᠢᠨ᠎ᠠ᠂ ᠬᠤᠪᠢ ᠬᠥᠮᠦᠨ ᠤ ᠬᠡᠲᠦᠷᠡᠮᠡᠬᠡᠢ ᠪᠠ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠢ ᠪᠦᠲᠦᠮᠵᠢᠲᠡᠢ | ᠠᠷᠭᠠᠴᠠᠨ ᠰᠢᠢᠳᠪᠦᠷᠢᠯᠡᠬᠦ᠂ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ | ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ | ᠪᠣᠯᠪᠠᠰᠤᠷᠠᠯ ᠤᠨ ᠲᠥᠪ ᠲᠠᠢ ᠬᠠᠮᠳᠤᠷᠠᠨ ᠴᠠᠭᠳᠠᠭᠠᠨ ᠤ ᠪᠠᠶᠢᠳᠠᠯ ᠢ ᠳᠠᠭᠤᠷᠢᠶᠠᠬᠤ ᠠᠷᠭ᠎ᠠ ᠮᠠᠶ᠋ᠢᠭ ᠢᠶᠠᠷ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠠᠯᠪᠠᠨ ᠠᠰᠠᠷ ᠲᠤ ᠬᠤᠪᠢ ᠬᠥᠮᠦᠨ ᠤ ᠬᠡᠲᠦᠷᠡᠮᠡᠬᠡᠶ ᠬᠡᠷᠡᠭ ᠤᠨ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠬᠢᠪᠠ᠃ | | | | 16 ᠴᠠᠭ 20 ᠮᠢᠨᠦ᠋ᠲ ᠲᠤ ᠬᠢᠲᠤᠭ᠎ᠠ ᠰᠦᠬᠡ ᠪᠠᠷᠢᠭᠰᠠᠨ ᠬᠤᠶᠠᠷ ᠬᠥᠮᠦᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠦᠷᠢᠶᠡᠨ ᠳᠤ ᠳᠠᠭᠠᠷᠢᠨ | ᠣᠷᠤᠵᠤ ᠢᠷᠡᠭᠰᠡᠨ ᠳᠤ᠂ ᠡᠭᠦᠳᠡᠨ ᠬᠠᠷᠠᠭᠤᠯ ᠣᠯᠵᠤ ᠮᠡᠳᠡᠭᠡᠳ ᠲᠡᠷᠡ ᠳᠠᠷᠤᠶ ᠳᠤ ᠨᠢ ᠴᠠᠭᠳᠠᠭ᠎ᠠ ᠳᠤ ᠮᠡᠳᠡᠭᠦᠯᠪᠡ᠂ ᠵᠢᠯᠤᠭᠤᠳᠬᠤ ᠲᠥᠪ ᠠᠴᠠ ᠴᠠᠭᠳᠠᠭ᠎ᠠ ᠶᠢᠨ | ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠩᠭᠢ ᠶᠢᠨ ᠪᠡᠯᠡᠳᠬᠡᠯ ᠴᠠᠭᠳᠠᠭᠠᠨ ᠤ | ᠬᠦᠴᠦᠨ ᠵᠢᠴᠢ ᠣᠶᠢᠷ᠎ᠠ ᠬᠠᠪᠢ ᠶᠢᠨ ᠵᠠᠮ ᠬᠠᠷᠢᠯᠴᠠᠭᠠᠨ ᠤ ᠲᠣᠭᠤᠷᠢᠨ ᠴᠠᠭᠳᠠᠬᠤ ᠴᠠᠭᠳᠠᠭ᠎ᠠ ᠶᠢ ᠲᠣᠮᠢᠯᠠᠨ ᠰᠢᠢᠳᠪᠦᠷᠢᠯᠡᠬᠦ ᠶᠢ ᠵᠠᠷᠯᠢᠭᠳᠠᠪᠠ᠃ ᠲᠡᠷᠡ ᠬᠤᠶᠠᠷ | ᠬᠦᠮᠦᠨ ᠬᠤᠶᠠᠳᠤᠭᠠᠷ ᠳᠠᠪᠬᠤᠷᠭ᠎ᠠ ᠶᠢᠨ ᠡᠭᠦᠳᠡᠨ ᠳᠤ ᠬᠦᠷᠦᠭᠰᠡᠨ ᠳᠤ᠂ ᠠᠪᠤᠨ ᠠᠭᠤᠯᠵᠠᠭᠰᠠᠨ ᠴᠠᠭᠳᠠᠭ᠎ᠠ ᠭᠠᠷ ᠲᠤ ᠪᠠᠨ ᠰᠠᠨᠳᠠᠯᠢ ᠪᠠᠷᠢᠵᠤ ᠡᠰᠡᠷᠭᠦᠴᠡᠯᠳᠦᠪᠡ᠃ | ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ ᠶᠢᠨ ᠠᠯᠪᠠᠨ ᠭᠡᠷ ᠤᠨ ᠠᠷᠠᠳ ᠤᠨ ᠴᠠᠭᠳᠠᠭ᠎ᠠ ᠳᠡᠯᠪᠡᠷᠡᠯᠲᠡ ᠶᠢ ᠰᠡᠷᠭᠡᠶᠢᠯᠡᠬᠦ | ᠪᠠᠮᠪᠠᠶ ᠪᠠ ᠳᠡᠯᠪᠡᠷᠡᠯᠲᠡ ᠶᠢ ᠰᠡᠷᠭᠡᠶᠢᠯᠡᠬᠦ ᠰᠡᠷᠡᠭᠡ ᠪᠠᠷᠢᠵᠤ ᠬᠤᠶᠠᠷ ᠬᠡᠲᠦᠷᠡᠮᠡᠬᠡᠶ ᠡᠲᠡᠭᠡᠳ ᠲᠠᠢ ᠲᠡᠮᠡᠴᠡᠯᠳᠦᠪᠡ᠃ ᠡᠨᠡ ᠦᠶ᠎ᠡ ᠳᠤ ᠪᠠᠴᠢᠮ ᠪᠠᠶᠢᠳᠠᠯ ᠢ ᠠᠷᠭᠠᠴᠠᠬᠤ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠩᠭᠢ ᠶᠢᠨ ᠬᠢᠨ ᠭᠤᠷᠪᠠᠨ ᠬᠥᠮᠦᠨ ᠤ ᠳᠤᠭᠤᠶᠢᠯᠠᠩ ᠢᠶᠠᠷ ᠬᠤᠶᠠᠳᠤᠭᠠᠷ ᠳᠠᠪᠬᠤᠷᠯᠢᠭ ᠤᠨ ᠶᠡᠭᠡ ᠲᠢᠩᠬᠢᠮ ᠳᠤ | ᠬᠦᠷᠦᠯᠴᠡᠨ ᠢᠷᠡᠵᠦ᠂ ᠵᠠᠪᠰᠢᠶᠠᠨ ᠤ ᠠᠮᠵᠢᠨ ᠡᠷᠡᠰ ᠰᠢᠭᠤᠷᠬᠠᠶ ᠪᠠᠷ ᠵᠡᠪᠰᠡᠭ ᠬᠡᠷᠡᠭᠯᠡᠵᠦ᠂ ᠳᠠᠭᠤᠷᠢᠶᠠᠮᠠᠯ ᠬᠢᠲᠤᠭ᠎ᠠ ᠪᠠᠷᠢᠭᠰᠠᠨ ᠨᠢᠭᠡ ᠬᠥᠮᠦᠨ ᠢ ᠫᠤᠤᠳᠠᠨ | ᠰᠢᠷᠬᠠᠲᠤᠭᠤᠯᠤᠭᠰᠠᠨ ᠪᠥᠭᠡᠳ ᠨᠣᠮᠤᠳᠬᠠᠪᠠ᠃ ᠨᠥᠭᠦᠭᠡ ᠳᠠᠭᠤᠷᠢᠶᠠᠮᠠᠯ ᠬᠢᠲᠤᠭ᠎ᠠ ᠪᠠᠷᠢᠭᠰᠠᠨ ᠬᠥᠮᠦᠨ ᠶᠡᠭᠡ ᠠᠰᠠᠷ ᠤᠨ ᠭᠠᠳᠠᠨ᠎ᠠ ᠳᠤᠲᠠᠭᠠᠨ ᠭᠠᠷᠤᠭᠰᠠᠨ ᠳᠤ᠂ | ᠣᠶᠢᠷ᠎ᠠ ᠬᠠᠪᠢ ᠠᠴᠠ ᠬᠦᠷᠦᠯᠴᠡᠨ ᠢᠷᠡᠭᠰᠡᠨ ᠵᠠᠮ ᠬᠠᠷᠢᠯᠴᠠᠭᠠᠨ ᠤ ᠴᠠᠭᠳᠠᠭ᠎ᠠ ᠳᠤ ᠪᠦᠰᠡᠯᠡᠭᠳᠡᠨ ᠬᠠᠰᠢᠭᠳᠠᠵᠤ᠂ ᠪᠠᠮᠪᠠᠶ ᠰᠢᠳᠠᠮ ᠰᠡᠷᠡᠭᠡ ᠶᠢᠨ ᠪᠠᠶᠢᠯᠳᠤᠬᠤ | ᠠᠷᠭ᠎ᠠ ᠪᠠᠷ ᠬᠡᠲᠦᠷᠡᠮᠡᠬᠡᠶ ᠡᠲᠡᠭᠡᠳ ᠢ ᠨᠣᠮᠣᠬᠠᠳᠬᠠᠵᠤ ᠲᠤᠬᠠᠶ ᠶᠢᠨ ᠲᠠᠯᠠᠪᠤᠷ ᠠᠴᠠ ᠠᠪᠴᠤ ᠶᠠᠪᠤᠵᠠᠶ᠃ ᠡᠭᠦᠨ ᠤ ᠳᠠᠷᠠᠭ᠎ᠠ ᠴᠠᠭᠳᠠᠭᠤᠯ ᠨᠣᠬᠠᠶ ᠶᠢ ᠠᠪᠴᠢᠷᠠᠵᠤ᠂ | ᠳᠡᠯᠪᠡᠷᠡᠬᠦ ᠪᠣᠳᠠᠰ ᠵᠡᠷᠭᠡ ᠠᠶᠤᠯᠲᠠᠶ ᠪᠣᠳᠠᠰ ᠪᠠᠶᠢᠬᠤ ᠡᠰᠡᠬᠦ ᠶᠢ ᠨᠡᠩᠵᠢᠪᠡ᠃ | ᠲᠣᠰ ᠤᠳᠠᠭᠠᠨ ᠤ ᠰᠣᠷᠢᠯᠲᠠ ᠳᠤ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ ᠶᠢᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠪᠠ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠤ ᠬᠢᠷᠢ ᠲᠦᠪᠰᠢᠨ ᠢ ᠪᠦᠲᠦᠮᠵᠢᠲᠡᠶ ᠰᠢᠯᠭᠠᠨ ᠪᠠᠶᠢᠴᠠᠭᠠᠭᠰᠠᠨ ᠪᠥᠭᠡᠳ ᠮᠠᠨ ᠤ | ᠲᠣᠪᠴᠢᠶᠠᠨ ᠤ ᠴᠠᠭᠳᠠᠭ᠎ᠠ ᠨᠠᠷ ᠤᠨ ᠬᠤᠪᠢ ᠬᠥᠮᠦᠨ ᠤ ᠬᠡᠲᠦᠷᠡᠮᠡᠬᠡᠶ ᠬᠡᠷᠡᠭ ᠢ ᠰᠡᠷᠭᠡᠶᠢᠯᠡᠬᠦ ᠤᠬᠠᠮᠰᠠᠷ ᠢ ᠨᠡᠮᠡᠭᠳᠡᠭᠦᠯᠵᠦ᠂ ᠬᠡᠲᠦᠷᠡᠮᠡᠬᠡᠶ ᠬᠡᠷᠡᠭ ᠢ ᠰᠡᠷᠭᠡᠶᠢᠯᠡᠬᠦ ᠪᠠ | ᠠᠷᠭᠠᠴᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ |