ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠬᠡᠷᠡᠭᠯᠡᠭᠡᠨ ᠤ ᠮᠣᠩᠭᠤᠯ ᠬᠡᠯᠡᠨ ᠤ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2022/4/25
     ᠪᠥᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠳᠤ ᠬᠠᠪᠢᠳᠠᠭᠤᠯᠤᠭᠰᠠᠨ ᠪᠣᠯᠪᠠᠰᠤᠷᠠᠭᠤᠯᠤᠯ ᠤᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠶᠡᠷᠦᠩᠬᠡᠶ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠠᠷᠠᠳ ᠤᠨ ᠴᠠᠭᠳᠠᠭ᠎ᠠ ᠬᠢᠭᠡᠳ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠰᠣᠯᠢᠯᠴᠠᠨ ᠨᠡᠪᠲᠡᠷᠡᠯᠴᠡᠬᠦ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 4 ᠳ᠋ᠤᠭᠠᠷ ᠰᠠᠷ᠎ᠠ ᠶᠢᠨ 2 ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠬᠡᠷᠡᠭᠯᠡᠭᠡᠨ ᠤ ᠮᠣᠩᠭᠤᠯ ᠬᠡᠯᠡᠨ ᠤ ᠪᠣᠯᠪᠠᠰᠤᠷᠠᠯ ᠤᠨ ᠠᠩᠭᠢ ᠡᠷᠬᠢᠯᠡᠵᠦ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠤᠷᠳᠠᠨ ᠠᠵᠢᠯᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠣᠯᠪᠠᠰᠤᠷᠠᠯ ᠳᠤ ᠣᠷᠣᠯᠴᠠᠪᠠ᠃
微信图片_20220407154636.jpg   
      ᠪᠣᠯᠪᠠᠰᠤᠷᠠᠭᠤᠯᠤᠯ ᠳᠤ ᠶᠠᠭᠤᠨ ᠤ ᠡᠮᠦᠨ᠎ᠡ ᠴᠠᠭᠳᠠᠭ᠎ᠠ ᠶᠢᠨ ᠬᠡᠷᠡᠭᠯᠡᠬᠦ ᠮᠣᠩᠭᠤᠯ ᠬᠡᠯᠡᠨ ᠤ ᠸᠢᠳᠢᠣ᠋ ᠪᠢᠴᠢᠯ ᠬᠢᠴᠢᠶᠡᠯ ᠢ ᠲᠥᠪᠯᠡᠷᠡᠭᠦᠯᠦᠨ ᠦᠵᠡᠵᠦ᠂ ᠳᠠᠷᠠᠭ᠎ᠠ ᠨᠢ ᠬᠤᠰᠢᠭᠤᠨ ᠤ ᠲᠣᠪᠴᠢᠶ᠎ᠠ ᠶᠢᠨ ᠮᠣᠩᠭᠤᠯ ᠦᠨᠳᠦᠰᠦᠲᠡᠨ ᠤ ᠲᠤᠰᠢᠶᠠᠯ ᠬᠠᠪᠰᠤᠷᠭᠠᠭᠰᠠᠨ ︽ᠰᠤᠷᠭᠠᠭᠴᠢ︾ ᠶᠢ ᠤᠷᠢᠵᠤ ᠮᠣᠩᠭᠤᠯ ᠬᠡᠯᠡᠨ ᠤ ᠦᠨᠳᠦᠰᠦᠨ ᠠᠪᠢᠶ᠎ᠠ᠂ ᠡᠳᠦᠷ ᠲᠤᠲᠤᠮ ᠤᠨ ᠬᠡᠷᠡᠭᠯᠡᠭᠡᠨ ᠤ ᠬᠡᠯᠡ᠂ ᠦᠨᠳᠦᠰᠦᠨ ᠶᠠᠷᠢᠯᠴᠠᠭ᠎ᠠ ᠵᠡᠷᠭᠡ ᠪᠠᠷ ᠬᠢᠴᠢᠶᠡᠯᠯᠡᠭᠦᠯᠬᠦ ᠶᠢᠨ ᠬᠠᠮᠲᠤ ᠵᠢᠭᠠᠨ ᠰᠤᠷᠭᠠᠯᠲᠠ ᠶᠢᠨ ᠬᠠᠷᠢᠯᠴᠠᠨ ᠦᠢᠯᠡᠳᠦᠯᠴᠡᠬᠦ ᠵᠡᠷᠭᠡ ᠠᠷᠭ᠎ᠠ ᠬᠡᠯᠪᠡᠷᠢ ᠪᠠᠷ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠵᠣᠷᠢᠭᠲᠠᠶ ᠪᠠᠷ ᠰᠠᠨᠠᠯ ᠢᠶᠠᠨ ᠰᠣᠯᠢᠯᠴᠠᠬᠤ᠂ ᠦᠢᠯᠡᠳᠦᠯᠭᠡ ᠶᠢ ᠴᠢᠬᠤᠯᠠᠴᠢᠯᠠᠬᠤ ᠶᠢ ᠬᠥᠲᠥᠯᠥᠨ ᠵᠢᠯᠣᠭᠤᠳᠴᠤ᠂ ᠬᠡᠰᠡᠭ ᠠᠷᠠᠳ ᠤᠨ ᠴᠠᠭᠳᠠᠭ᠎ᠠ ᠶᠢᠨ ︽ᠤᠩᠰᠢᠬᠤ ᠵᠣᠷᠢᠭ ᠥᠬᠡᠶ︾ ︽ᠪᠤᠷᠤᠭᠤ ᠤᠩᠰᠢᠬᠤ ᠠᠴᠠ ᠠᠶᠤᠬᠤ︾ ᠠᠰᠠᠭᠤᠳᠠᠯ ᠢ ᠪᠦᠲᠦᠮᠵᠢᠲᠡᠶ ᠵᠠᠯᠠᠷᠠᠭᠤᠯᠪᠠ᠃     ᠰᠤᠷᠤᠯᠴᠠᠯᠭ᠎ᠠ ᠪᠠᠷ ᠳᠡᠮᠵᠢᠨ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠦᠢᠯᠡᠴᠢᠯᠡᠭᠡᠨ ᠤ ᠴᠢᠳᠠᠪᠤᠷᠢ ᠪᠠ ᠦᠭᠡ ᠬᠡᠯᠡᠨ ᠤ ᠬᠠᠷᠢᠯᠴᠠᠭᠠᠨ ᠤ ᠤᠷ᠎ᠠ ᠮᠡᠷᠭᠡᠵᠢᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠰᠤᠷᠤᠯᠴᠠᠯᠭ᠎ᠠ ᠳᠤ ᠣᠷᠣᠯᠴᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠢᠨ ᠴᠢᠷᠮᠠᠶᠢᠨ ᠰᠤᠷᠤᠯᠴᠠᠬᠤ ᠪᠠᠷ ᠳᠠᠮᠵᠢᠭᠤᠯᠤᠨ᠂ ᠦᠭᠡ ᠬᠡᠯᠡ ᠥᠰᠥᠭ ᠪᠢᠴᠢᠭ ᠢ ᠪᠣᠯᠪᠠᠰᠤᠷᠠᠩᠭᠤᠶ ᠡᠵᠡᠮᠰᠢᠵᠦ᠂ ᠠᠮᠢᠳᠤᠯᠢᠭ ᠢᠶᠠᠷ ᠬᠡᠷᠡᠭᠯᠡᠨ᠂ ᠰᠤᠷᠤᠯᠴᠠᠯᠭ᠎ᠠ ᠪᠠᠷ ᠳᠠᠮᠵᠢᠭᠤᠯᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠴᠢᠷᠮᠠᠶᠢᠨ᠎ᠠ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠪᠡ᠃
ᠢᠷᠡᠯᠲᠡ᠄ ᠲᠣᠲᠣᠷᠬᠠᠢ ᠦᠭᠡᠢ