ᠬᠡᠰᠢᠭᠳᠡᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠬᠤᠯᠠᠭᠠᠶᠢᠯᠠᠭᠰᠠᠨ ᠬᠡᠷᠡᠭ ᠢ ᠦᠳᠲᠡᠷ ᠲᠦᠷᠭᠡᠨ ᠢᠯᠡᠷᠡᠭᠦᠯᠪᠡ
ᠨᠡᠶᠢᠲᠡᠯᠡᠭᠰᠡᠨ ᠴᠠᠭ᠄
2022/4/28
      2022 ᠤᠨ ᠤ 3 ᠰᠠᠷ᠎ᠠ ᠶᠢᠨ 18 ᠤ ᠦᠷᠯᠦᠭᠡ ᠡᠷᠳᠡ ᠬᠡᠰᠢᠭᠳᠡᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠢᠷᠠᠭᠤ ᠪᠠᠯᠭᠠᠰᠤ ᠶᠢᠨ ᠴᠠᠭᠳᠤ ᠠᠰᠠᠷ ᠤᠨ ᠲᠤᠤᠷᠠᠬᠢ ᠷᠦᠡᠭ ᠬᠤᠢ ᠭᠠᠷ ᠤᠳᠠᠰᠤᠨ ᠤ ᠲᠡᠯᠭᠡᠭᠦᠷ ᠬᠤᠯᠠᠭᠠᠶᠢᠯᠠᠭᠳᠠᠭᠰᠠᠨ ᠬᠡᠷᠡᠭ ᠤᠨ ᠮᠡᠳᠡᠭᠦᠯᠦᠯᠳᠡ ᠶᠢ ᠲᠤᠰᠪᠠ᠃
1.jpg
      ᠴᠠᠭᠳᠠᠭ᠎ᠠ ᠨᠠᠷ ᠬᠦᠷᠦᠯᠴᠡᠨ ᠤᠴᠢᠬᠤ ᠳᠤ ᠭᠠᠷ ᠤᠳᠠᠰᠤᠨ ᠤ ᠲᠡᠯᠭᠡᠭᠦᠷ ᠤᠨ ᠭᠠᠳᠠᠨᠠᠬᠢ ᠡᠪᠬᠡᠭᠦᠷ ᠡᠭᠦᠳᠡ ᠶᠢ ᠨᠢ ᠭᠦᠰᠢᠨ ᠨᠡᠭᠡᠭᠡᠵᠦ ᠲᠤᠳᠤᠷᠠᠬᠢ ᠡᠭᠦᠳᠡᠨ ᠤ ᠤᠨᠢᠰᠦ ᠶᠢ ᠲᠤᠮᠤ ᠬᠠᠪᠴᠢᠭᠤᠷ ᠢᠶᠠᠷ ᠬᠠᠶᠢᠴᠢᠯᠠᠵᠤ ᠤᠷᠤᠭᠰᠠᠨ ᠪᠦᠭᠡᠳ ᠭᠠᠷ ᠤᠳᠠᠰᠤ᠂ ᠺᠦᠮᠫᠢᠦ᠋ᠲ᠋ᠧᠷ᠂᠂᠂ ᠵᠡᠷᠭᠡ 56 ᠲᠦᠷᠦᠯ ᠤᠨ ᠴᠠᠬᠢᠯᠭᠠᠨ ᠬᠡᠷᠡᠭᠰᠡᠯ ᠬᠤᠯᠠᠭᠠᠶᠢᠯᠠᠵᠦ ᠠᠵᠦ ᠠᠬᠤᠢ ᠶᠢᠨ ᠰᠢᠭᠤᠳ ᠬᠤᠬᠢᠷᠠᠯ ᠨᠢ ᠨᠠᠢᠮᠠᠨ ᠲᠦᠮᠡᠨ ᠲᠦᠭᠦᠷᠢᠭ ᠬᠦᠷᠦᠭᠰᠡᠨ ᠪᠠᠶᠢᠨ᠎ᠠ᠃ ᠴᠠᠭᠳᠠᠭ᠎ᠠ ᠨᠠᠷ ᠬᠡᠷᠡᠭ ᠤᠨ ᠲᠤᠬᠠᠢ ᠶᠢᠨ ᠲᠠᠯᠠᠪᠤᠷ ᠠᠴᠠ ᠬᠡᠷᠡᠭᠳᠡᠨ ᠤ ᠮᠠᠷᠳᠠᠵᠦ ᠤᠷᠬᠢᠭᠰᠠᠨ ᠬᠦᠰᠢᠭᠦᠷᠭᠡ᠂ ᠲᠡᠮᠦᠷ ᠤᠨ ᠬᠠᠪᠴᠢᠭᠤᠷ ᠵᠡᠷᠭᠡ ᠶᠢ ᠤᠯᠤᠭᠰᠠᠨ ᠴᠤ ᠪᠡᠭᠡᠯᠡᠢ ᠵᠡᠭᠦᠵᠦ ᠬᠡᠷᠡᠭ ᠦᠢᠯᠡᠳᠦᠭᠰᠡᠨ ᠪᠤᠯᠬᠤᠷ ᠮᠦᠷ ᠤᠷᠤᠮ ᠤᠭᠳᠤ ᠦᠭᠡᠢ ᠪᠠᠶᠢᠯ᠎ᠠ᠃ ᠴᠠᠭᠳᠠᠭ᠎ᠠ ᠨᠠᠷ ᠬᠡᠷᠡᠴᠢ ᠴᠤᠭᠯᠠᠭᠤᠯᠬᠤ ᠪᠠᠷ ᠲᠠᠮᠵᠢᠨ ᠰᠠᠷᠠᠪᠴᠢ ᠲᠠᠢ ᠮᠠᠯᠠᠭᠠᠢ᠂ ᠬᠠᠷ᠎ᠠ ᠠᠮᠠᠪᠴᠢ ᠵᠡᠭᠦᠭᠰᠡᠨ᠂ ᠪᠡᠭᠡᠯᠡᠢ ᠲᠠᠢ ᠬᠦᠮᠦᠨ ᠪᠤᠯᠬᠤ ᠶᠢ ᠲᠤᠳᠤᠯᠠᠭᠰᠠᠨ ᠪᠦᠭᠡᠳ ᠡᠨᠡ ᠬᠦ ᠬᠡᠷᠡᠭᠳᠡᠨ ᠨᠢ ᠨᠠᠭᠠᠰᠢ ᠴᠠᠭᠠᠰᠢ ᠠᠯᠬᠤᠯᠠᠵᠤ ᠬᠦᠮᠦᠨ ᠠᠮᠢᠳᠡᠨ ᠤ ᠪᠠᠷ᠎ᠠ ᠲᠠᠰᠤᠷᠠᠭᠰᠠᠨ ᠤ ᠲᠠᠷᠠᠭ᠎ᠠ ᠦᠦᠷ ᠤᠨ ᠬᠤᠶᠠᠷ ᠴᠠᠭ ᠢᠯᠡᠭᠦᠦ ᠳᠤ ᠬᠡᠷᠡᠭ ᠦᠢᠯᠡᠳᠦᠭᠰᠡᠨ ᠭᠡᠳᠡᠭ ᠢ ᠮᠡᠳᠡᠪᠡ᠃
2.jpg
      ᠡᠨᠡ ᠬᠦ ᠬᠡᠷᠡᠭ ᠨᠢ ᠬᠡᠰᠢᠭᠳᠡᠨ ᠬᠤᠰᠢᠭᠤᠨ ᠲᠦᠪ ᠪᠢᠷᠠᠭᠤ ᠪᠠᠯᠭᠠᠰᠤ ᠶᠢᠨ ᠠᠷᠠᠯᠵᠢᠶ᠎ᠠ ᠬᠤᠳᠠᠯᠳᠤᠭ᠎ᠠ ᠬᠥᠭᠵᠢᠶᠡᠨᠲᠡᠢ᠂ ᠶᠠᠪᠤᠭᠤᠯ ᠬᠦᠮᠦᠨ ᠠᠮᠠ ᠤᠯᠠᠨ᠂  ᠪᠢᠷᠠᠭᠤ ᠵᠡᠭᠡᠯᠢ ᠶᠢᠨ ᠭᠤᠤᠯ ᠭᠠᠵᠠᠷ ᠪᠤᠯᠬᠤ ᠪᠠᠷ ᠨᠠᠶᠢᠭᠡᠮ ᠨᠡᠶᠢᠳᠡ ᠶᠢᠨ ᠲᠤᠰᠬᠠᠯ ᠴᠢᠩᠭ᠎ᠠ ᠪᠠᠶᠢᠪᠠ᠃  ᠡᠷᠡᠭᠦᠦ ᠶᠢᠨ ᠴᠠᠭᠳᠠᠭ᠎ᠠ ᠨᠠᠷ 3 ᠰᠠᠷ᠎ᠠ ᠶᠢᠨ 12 ᠳᠤ ᠡᠭᠦᠰᠦᠭᠰᠡᠨ ᠪᠠᠰᠠ ᠨᠢᠭᠡ ᠭᠠᠷ ᠤᠳᠠᠰᠤᠨ ᠲᠡᠯᠭᠡᠭᠦᠷ ᠤᠨ ᠡᠭᠦᠳᠡ ᠶᠢ ᠬᠦᠰᠢᠨ ᠨᠡᠭᠡᠭᠡᠭᠰᠡᠨ ᠰᠦᠪᠡᠭᠴᠢ ᠪᠠᠷ ᠤᠯᠠᠮ ᠨᠢᠭᠡ ᠠᠯᠬᠤᠮ ᠨᠠᠷᠢᠯᠢᠭ ᠪᠠᠶᠢᠴᠠᠭᠠᠵᠦ᠂ ᠲᠤᠰ ᠬᠡᠷᠡᠭᠳᠡᠨ ᠨᠢ ︽ᠤᠢ ᠰᠢᠭᠤᠢ ᠶᠢᠨ ᠪᠠᠭᠤᠳᠠᠯ︾ ᠳᠤ ᠬᠤᠨᠤᠭᠯᠠᠵᠤ ᠦᠡᠭᠭᠡᠷᠡᠭᠰᠡᠨ ᠢ ᠪᠠᠶᠢᠴᠠᠭᠠᠨ ᠭᠠᠷᠭᠠᠵᠦ᠂ 3 ᠰᠠᠷ᠎ᠠ ᠶᠢᠨ 20 ᠤ ᠡᠳᠦᠷ ᠤᠯᠠᠭᠠᠨᠬᠠᠳᠠ ᠬᠤᠳᠠ ᠶᠢᠨ ᠰᠦᠡᠭᠱᠠᠨ ᠲᠤᠭᠤᠷᠢᠭ ᠠᠴᠠ ᠬᠡᠷᠡᠭ ᠤᠨ ᠰᠡᠵᠢᠭᠳᠡᠨ ᠢ ᠪᠠᠷᠢᠪᠴᠢᠯᠠᠵᠦ᠂ ᠬᠤᠨᠤᠭ ᠤᠨ ᠭᠠᠵᠠᠷ ᠠᠴᠠ ᠨᠢ ᠶᠡᠭᠡ ᠬᠡᠮᠵᠢᠶᠡᠨ ᠤ ᠬᠤᠯᠠᠭᠠᠶᠢᠯᠠᠭᠰᠠᠨ ᠪᠤᠳᠠᠰ ᠢ ᠡᠷᠢᠨ ᠭᠠᠷᠭᠠᠭᠰᠠᠨ ᠪᠠᠶᠢᠨ᠎ᠠ᠃
3.jpg
      ᠬᠡᠷᠡᠭ ᠤᠨ ᠰᠡᠵᠢᠭᠳᠡᠨ ᠲᠠᠩ ᠤᠪᠤᠭᠳᠤ ᠶᠡᠷᠢᠭᠡᠳ ᠤᠨ ᠤ ᠬᠡᠤᠬᠡᠳ ᠪᠦᠭᠡᠳ ᠲᠤᠮᠳᠠᠳᠤ ᠰᠤᠷᠭᠠᠭᠤᠯᠢ ᠠᠴᠠ ᠪᠠᠨ ᠲᠤᠳᠠᠭᠤ ᠲᠤᠷᠭᠤᠨ ᠵᠤᠭᠰᠤᠵᠤ ᠠᠷᠪᠠᠨ ᠭᠤᠷᠪᠠᠨ ᠵᠢᠯ ᠤᠨ ᠬᠤᠭᠤᠷᠤᠨᠳᠤ  ᠭᠤᠷᠪᠠ ᠤᠳᠠᠭᠠᠨ ᠤ ᠬᠠᠤᠯᠢ  ᠶᠢᠨ ᠰᠢᠳᠭᠡᠯ ᠢ ᠬᠦᠯᠢᠶᠡᠭᠰᠡᠨ ᠰᠤᠷᠮᠠᠭᠠᠢ ᠬᠤᠯᠠᠭᠠᠶᠢᠴᠢ ᠪᠠᠶᠢᠪᠠ᠃      ᠬᠡᠷᠡᠭ ᠤᠨ ᠰᠡᠵᠢᠭᠳᠡᠨ ᠲᠠᠩ ᠤᠪᠤᠭᠳᠤ ᠶᠢ ᠡᠷᠡᠭᠦᠦ ᠶᠢᠨ ᠬᠡᠷᠡᠭ ᠢᠶᠠᠷ ᠲᠦᠷ ᠬᠤᠷᠢᠵᠦ᠂ ᠤᠯᠠᠮ ᠴᠢᠨᠠᠭᠰᠢᠳᠠ ᠪᠠᠶᠢᠴᠠᠭᠠᠵᠦ ᠪᠤᠢ᠃
ᠢᠷᠡᠯᠲᠡ᠄ ᠬᠡᠰᠢᠭᠳᠡᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ