ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠬᠤᠪᠢᠶᠠᠷᠢ ᠲᠣᠪᠴᠢᠶ᠎ᠠ ᠣᠯᠠᠨ ᠨᠢᠭᠡᠴᠢ ᠲᠠᠢ ᠬᠠᠮᠲᠤᠷᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠪᠡ
ᠨᠡᠶᠢᠲᠡᠯᠡᠭᠰᠡᠨ ᠴᠠᠭ᠄
2022/4/28
     ᠬᠠᠶᠢᠷᠤᠪ ᠤᠨ ᠲᠤᠬᠤᠢ ᠲᠤᠭᠤᠷᠢᠭ ᠤᠨ ᠬᠤᠪᠢᠶᠠᠷᠢ ᠲᠣᠪᠴᠢᠶ᠎ᠠ ︽ᠬᠤᠷᠢᠳᠤᠭᠠᠷ ᠶᠡᠭᠡ ᠬᠤᠷᠠᠯ ᠢ ᠤᠭᠲᠤᠬᠤ᠂ ᠬᠠᠤᠯᠢᠵᠢᠯ ᠤᠨ ᠡᠵᠡᠩᠨᠡᠨ ᠡᠷᠬᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠳᠤ᠂ ᠬᠠᠷᠢᠶᠠᠲᠤ ᠣᠷᠣᠨ ᠤ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠦᠨᠳᠦᠰᠦᠯᠡᠨ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠣᠯᠠᠨ ᠨᠢᠭᠡᠴᠢ ᠲᠠᠢ ᠬᠤᠯᠪᠤᠭᠠᠯᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ᠂ ᠬᠠᠩᠰᠢ ᠶᠢᠨ ᠠᠮᠠᠷᠠᠯᠲᠠ ᠶᠢᠨ ᠴᠠᠭ ᠢ ᠲᠠᠶᠠᠭᠳᠠᠵᠤ᠂ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠤᠭᠠᠳ᠂ ᠲᠠᠪᠤᠬᠠᠨ ᠡᠳᠦᠷ ᠤᠨ ᠳᠣᠲᠣᠷ᠎ᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠣᠨᠢᠨ ᠲᠡᠭᠡᠷ᠎ᠡ ᠨᠢ ᠰᠢᠢᠳᠪᠦᠷᠢᠯᠡᠨ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ  ᠢ ᠨᠢ ᠰᠢᠢᠳᠪᠦᠷᠢᠯᠡᠵᠦ᠂  ᠡᠵᠡᠩᠨᠡᠨ ᠡᠷᠭᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠣᠯᠭᠠᠭᠰᠠᠨ ᠪᠠᠶᠢᠨ᠎ᠠ᠃
1.jpg
     2022 ᠣᠨ ᠤ 4 ᠰᠠᠷ᠎ᠠ ᠶᠢᠨ 2  ᠤᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠴᠢᠶᠠᠨ ᠯᠢ ᠱᠠᠨ ᠠᠭᠤᠯᠠᠨ ᠤ ᠠᠯᠲᠠᠨᠲ᠋ᠦ᠋ ᠰᠣᠷᠢᠨᠵᠢᠨ ᠲᠡᠮᠦᠷ ᠤᠨ ᠠᠭᠤᠷᠬᠠᠢ ᠶᠢᠨ ᠳᠠᠷᠤᠭ᠎ᠠ ᠯᠢ ᠴᠢᠤᠸᠠᠨ ᠯᠢᠨ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠤ ᠳᠠᠷᠤᠭ᠎ᠠ ᠾᠧ ᠸᠧᠢ ᠶᠢ ᠡᠷᠢᠨ ᠢᠷᠡᠵᠦ᠂ ᠦᠢᠯᠡᠳᠪᠦᠷᠢᠯᠡᠯ ᠳᠤ ᠬᠡᠷᠡᠭᠰᠡᠬᠦ ᠳᠡᠷᠢ ᠶᠢᠨ ᠪᠦᠲᠦᠭᠡᠭᠳᠡᠬᠦᠨ ᠤ ᠨᠡᠮᠡᠭᠳᠡᠯ ᠤᠨ ᠲᠤᠬᠠᠢ ᠶᠠᠷᠢᠯᠴᠠᠨ᠂ ᠬᠠᠮᠢᠶ᠎ᠠ ᠪᠦᠬᠦᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠲᠦᠷ ᠴᠠᠭ ᠬᠢᠵᠦ ᠳᠡᠶᠢᠯᠬᠦ ᠦᠭᠡᠢ ᠪᠠᠶᠢᠵᠤ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠢ ᠨᠥᠯᠥᠭᠡᠯᠡᠪᠡ ᠭᠡᠪᠡ᠃
2.jpg
     ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠣᠶᠢᠯᠭᠠᠭᠰᠠᠨ ᠤ ᠳᠠᠷᠠᠭ᠎ᠠ᠂ ᠲᠣᠭᠤᠷᠢᠭ ᠤᠨ ᠳᠡᠳ᠋ ᠳᠠᠷᠤᠭ᠎ᠠ ᠾᠧ ᠸᠧᠢ ᠲᠡᠷᠡ ᠳᠠᠷᠤᠢ ᠳᠤ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠨ ᠨᠡᠪᠲᠡᠷᠡᠯᠴᠡᠵᠦ᠂ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠶᠡᠭᠡ ᠠᠩᠭᠢ ᠳᠤ ᠳᠠᠭᠠᠭᠠᠯᠭᠠᠵᠤ ᠬᠠᠪᠰᠤᠷᠤᠨ ᠰᠢᠢᠳᠪᠦᠷᠢᠯᠡᠭᠦᠯᠪᠡ᠃ ᠢᠯᠡᠭᠦᠦ ᠨᠢᠭᠡ ᠡᠳᠦᠷ ᠰᠠᠭᠠᠲᠠᠭᠠᠪᠠᠯ ᠠᠵᠤ ᠠᠬᠤᠶᠢᠯᠠᠯ ᠤᠨ ᠢᠯᠡᠭᠦᠦ ᠨᠢᠭᠡ ᠡᠳᠦᠷ ᠤᠨ ᠬᠡᠪ ᠤᠨ ᠦᠢᠯᠡᠳᠪᠦᠷᠢᠯᠡᠯ ᠢ ᠨᠥᠯᠥᠭᠡᠯᠡᠬᠦ ᠪᠤᠯᠤᠨ᠎ᠠ ᠭᠡᠳᠡᠭ ᠢ ᠪᠣᠳᠣᠯᠬᠢᠯᠠᠵᠤ᠂ ᠬᠠᠶᠢᠷᠤᠪ ᠤᠨ ᠲᠤᠬᠤᠢ ᠲᠤᠭᠤᠷᠢᠭ ᠤᠨ ᠬᠤᠪᠢᠶᠠᠷᠢ ᠲᠣᠪᠴᠢᠶ᠎ᠠ ᠲᠡᠷᠡ ᠳᠠᠷᠤᠢ ᠳᠤ ᠨᠢ ᠬᠠᠶᠢᠷᠤᠪ ᠤᠨ ᠲᠣᠬᠤᠢ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠡᠯᠪᠡᠴᠢᠬᠦ ᠺᠣᠮᠫᠠᠨᠢ ᠵᠡᠷᠭᠡ ᠨᠢᠭᠡᠴᠢ ᠶᠢᠨ ᠲᠤᠰᠬᠠᠢ ᠮᠡᠷᠭᠡᠵᠢᠯᠲᠡᠨ ᠲᠠᠢ ᠬᠠᠮᠲᠤᠷᠠᠨ ᠬᠤᠷᠠᠯ ᠬᠤᠷᠠᠯᠳᠤᠭᠤᠯᠪᠠ᠃ ᠬᠠᠶᠢᠷᠤᠪ ᠤᠨ ᠲᠤᠬᠤᠢ ᠲᠤᠭᠤᠷᠢᠭ ᠤᠨ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠺᠣᠮᠢᠰᠰᠠᠷ ᠰᠢᠩ ᠪᠦᠦ ᠯᠦᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠢᠭᠤᠷᠳᠠᠨ ᠰᠣᠨᠣᠰᠬᠤ ᠶᠢᠨ ᠬᠠᠮᠲᠤ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠨ ᠨᠤᠲᠠᠯᠠᠯᠲᠠ ᠬᠢᠵᠡᠢ᠃     ᠣᠯᠠᠨ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠠᠵᠤ ᠠᠬᠤᠶᠢᠯᠠᠯ ᠤᠨ ᠬᠢᠨ ᠪᠣᠯᠣᠮᠵᠢᠲᠤ ᠮᠡᠳᠡᠭᠦᠯᠦᠯᠲᠡ ᠭᠠᠷᠭᠠᠭᠰᠠᠨ ᠤ ᠳᠠᠷᠠᠭ᠎ᠠ᠂ 4 ᠰᠠᠷ᠎ᠠ ᠶᠢᠨ 7 ᠤ ᠡᠳᠦᠷ ᠲᠤ ᠪᠣᠶ ᠪᠦᠬᠦᠢ ᠭᠠᠷ ᠭᠦᠢᠴᠡᠳᠬᠡᠯ ᠤᠨ ᠬᠢᠨᠠᠨ ᠵᠥᠪᠰᠢᠶᠡᠷᠡᠯ ᠢ ᠪᠦᠬᠦᠨ ᠢ ᠪᠡᠶᠡᠯᠡᠭᠦᠯᠦᠭᠰᠡᠨ ᠪᠠᠶᠢᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠴᠢᠶᠠᠨ ᠯᠢ ᠱᠠᠨ ᠠᠭᠤᠯᠠᠨ ᠤ ᠠᠯᠲᠠᠨᠲ᠋ᠦ᠋ ᠰᠣᠷᠢᠨᠵᠢᠨ ᠲᠡᠮᠦᠷ ᠤᠨ ᠠᠭᠤᠷᠬᠠᠢ ᠶᠢᠨ ᠳᠠᠷᠤᠭ᠎ᠠ ᠯᠢ ᠴᠢᠤᠸᠠᠨ ᠯᠢᠨ᠄ ︽ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠠᠵᠤ ᠠᠬᠤᠶᠢᠯᠠᠯ ᠤᠨ ᠬᠦᠴᠢᠷᠳᠡᠯ ᠢ ᠦᠨᠡᠬᠡᠷ ᠶᠡᠭᠡ ᠶᠠᠪᠤᠳᠠᠯ ᠢᠶᠠᠷ ᠪᠤᠳᠤᠵᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠠᠮᠠᠷᠠᠯᠲᠠ ᠶᠢᠨ ᠬᠤᠭᠤᠴᠠᠭᠠᠨ ᠳᠤ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠨ ᠨᠤᠲᠠᠯᠠᠯᠲᠠ ᠬᠢᠨ᠎ᠡ ᠭᠡᠵᠦ ᠪᠤᠳᠤᠵᠤ ᠣᠯᠣᠭᠰᠠᠨ ᠦᠭᠡᠢ᠂  ᠡᠶᠢᠮᠦ ᠣᠬᠤᠷᠬᠠᠨ ᠬᠤᠭᠤᠴᠠᠭᠠᠨ ᠳᠤ ᠠᠵᠤ ᠠᠬᠤᠶᠢᠯᠠᠯ ᠳᠤ ᠶᠡᠭᠡ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠨ᠎ᠡ ᠭᠡᠵᠦ ᠨᠡᠩ ᠴᠤ ᠪᠤᠳᠤᠵᠤ ᠣᠯᠣᠭᠰᠠᠨ ᠦᠭᠡᠢ᠂  ᠦᠨᠡᠬᠡᠷ ᠰᠡᠳᠬᠢᠯ ᠢ ᠳᠤᠯᠠᠭᠠᠯᠠᠭᠰᠠᠨ ᠪᠠᠶᠢᠨ᠎ᠠ︾ ᠭᠡᠵᠦ ᠬᠡᠯᠡᠪᠡ᠃
3.jpg
      2022 ᠣᠨ ᠤ 4 ᠰᠠᠷ᠎ᠠ ᠶᠢᠨ 8  ᠤ ᠦᠳᠡ ᠶᠢᠨ ᠬᠤᠶᠢᠨᠠᠬᠢ 16 ᠴᠠᠭ ᠤᠨ ᠦᠶ᠎ᠡ ᠪᠠᠷ᠂ ᠬᠠᠶᠢᠷᠤᠪ ᠤᠨ ᠲᠣᠬᠤᠢ ᠶᠢᠨ ᠲᠣᠭᠤᠷᠢᠭ ᠤᠨ ᠴᠢᠶᠠᠨ ᠯᠢ ᠱᠠᠨ ᠠᠭᠤᠯᠠᠨ ᠤ ᠠᠯᠲᠠᠨᠲ᠋ᠦ᠋ ᠰᠣᠷᠢᠨᠵᠢᠨ ᠲᠡᠮᠦᠷ ᠤᠨ ᠠᠭᠤᠷᠬᠠᠢ ᠶᠢᠨ ᠳᠠᠷᠤᠭ᠎ᠠ ᠯᠢ ᠴᠢᠤᠸᠠᠨ ᠯᠢᠨ ᠬᠠᠶᠢᠷᠤᠪ ᠤᠨ ᠲᠤᠬᠤᠢ ᠲᠤᠭᠤᠷᠢᠭ ᠤᠨ ᠬᠤᠪᠢᠶᠠᠷᠢ ᠲᠣᠪᠴᠢᠶ᠎ᠠ ᠳᠤ ᠢᠷᠡᠵᠦ᠂ ︽ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠦᠢᠯᠡᠳᠦᠯᠭᠡᠵᠢᠭᠦᠯᠬᠦ ᠳᠤ ᠪᠠᠨ ᠬᠠᠰᠢᠷ᠂ ᠠᠷᠢᠭᠤᠨ ᠴᠢᠬᠡᠴᠢ ᠥᠨᠳᠥᠷ ᠪᠦᠲᠦᠮᠵᠢᠲᠡᠢ᠂ ᠡᠵᠡᠩᠨᠡᠨ ᠡᠷᠬᠢᠯᠡᠬᠦ ᠶᠢ ᠠᠬᠢᠭᠤᠯᠬᠤ︾ ᠬᠡᠮᠡᠷᠯᠢᠭ ᠲᠤᠭ ᠢ ᠬᠠᠶᠢᠷᠤᠪ ᠤᠨ ᠲᠣᠬᠤᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠾᠧ ᠸᠧᠢ ᠶᠢᠨ ᠭᠠᠷ ᠲᠤ ᠲᠥᠪ ᠬᠢᠴᠢᠶᠡᠩᠭᠦᠢ ᠪᠠᠷ ᠬᠦᠷᠭᠡᠵᠦ᠂ ᠴᠠᠭᠳᠠᠭ᠎ᠠ ᠠᠵᠤ ᠠᠬᠤᠶᠢᠯᠠᠯ ᠤᠨ ᠵᠢᠭᠠᠰᠤ ᠤᠰᠤᠨ ᠤ ᠭᠦᠨ ᠵᠤᠵᠠᠭᠠᠨ ᠬᠠᠷᠢᠴᠠᠭ᠎ᠠ ᠪᠠᠨ ᠢᠯᠡᠳᠬᠡᠪᠡ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ