ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠪᠠᠶᠢᠴᠠᠭᠠᠬᠤ ᠨᠡᠷ᠎ᠡ ᠪᠠᠷ ᠮᠡᠬᠡᠯᠡᠯ ᠤᠨ ᠬᠡᠷᠡᠭ ᠦᠢᠯᠡᠳᠪᠡ
ᠨᠡᠶᠢᠲᠡᠯᠡᠭᠰᠡᠨ ᠴᠠᠭ᠄
2022/4/28
      2022 ᠤᠨ ᠤ 4 ᠰᠠᠷ᠎ᠠ ᠶᠢᠨ3 ᠤ ᠡᠳᠦᠷ ᠤᠨ ᠠᠷᠪᠠᠨ ᠲᠤᠯᠤᠭᠠᠨ ᠴᠠᠭ ᠤᠨ ᠦᠶᠡᠰ᠂ ᠬᠡᠰᠢᠭᠳᠡᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠢᠷᠠᠭᠤ ᠪᠠᠯᠭᠠᠰᠤᠨ ᠤ ᠾᠧ ᠢ ᠲᠤᠰᠬᠤᠨ ᠤ ᠲᠤᠭᠤᠶᠢᠯᠠᠩ ᠤᠨ ᠲᠠᠷᠤᠭ᠎ᠠ ᠠᠨ ᠤᠪᠤᠭᠳᠤ ᠶᠢᠨ ᠬᠡᠷᠡᠭ ᠤᠨ ᠮᠡᠳᠡᠭᠦᠯᠦᠯᠳᠡ ᠶᠢ ᠲᠤᠰᠪᠠ᠃ ᠲᠡᠷᠡ ᠬᠡᠯᠡᠬᠦ ᠳᠤ ᠪᠠᠨ᠄ ︽ᠲᠤᠰᠬᠤᠨ ᠤ ᠬᠤᠨᠢᠴᠢᠨ ᠶᠠᠩ ᠤᠪᠤᠭᠳᠤ ᠠᠭᠤᠯᠠᠨ ᠳᠤ ᠬᠤᠨᠢ ᠬᠠᠷᠢᠭᠤᠯᠵᠤ ᠪᠠᠶᠢᠳᠠᠯ᠎ᠠ ᠵᠢᠵᠢᠭ ᠬᠠᠷ᠎ᠠ ᠮᠠᠰᠢᠨ ᠲᠠᠢ ᠬᠤᠶᠠᠷ ᠬᠦᠮᠦᠨ ᠢᠷᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠭᠠᠯ ᠰᠡᠷᠭᠡᠶᠢᠯᠡᠬᠦ ᠠᠵᠢᠯ ᠢ ᠪᠠᠶᠢᠴᠠᠭᠠᠵᠦ ᠪᠠᠶᠢᠭ᠎ᠠ ᠬᠤᠰᠢᠭᠤᠨ ᠤ ᠬᠠᠤᠯᠢ ᠬᠡᠷᠡᠭᠵᠢᠭᠦᠯᠬᠦ ᠠᠩᠬᠢ ᠶᠢᠨ ᠠᠵᠢᠯᠳᠠᠨ ᠬᠡᠮᠡᠵᠦ ᠲᠡᠭᠦᠨ ᠢ ᠮᠠᠯ ᠢᠶᠠᠨ ᠬᠠᠰᠢᠶᠠᠯᠠᠭᠰᠠᠨ ᠦᠭᠡᠢ ᠭᠡᠰᠡᠨ ᠰᠢᠯᠳᠠᠭ ᠢᠶᠠᠷ ᠲᠦᠷᠪᠡᠨ ᠮᠢᠩᠭᠠᠨ ᠲᠦᠭᠦᠷᠢᠭ ᠲᠤᠷᠭᠠᠬᠤ ᠪᠠᠷ ᠲᠤᠭᠳᠠᠵᠤ᠂ ᠪᠠᠷᠢᠮᠳᠡ ᠠᠪᠬᠤ ᠦᠭᠡᠢ ᠪᠤᠯ ᠮᠢᠩᠭ᠎ᠠ ᠲᠠᠪᠤᠨ ᠵᠠᠭᠤᠨ ᠲᠦᠭᠦᠷᠢᠭ ᠳᠣᠷᠭᠠᠨ᠎ᠠ︾ ᠭᠡᠵᠦ ᠬᠡᠯᠡᠭᠡᠳ ᠲᠡᠭᠦᠨ ᠠᠴᠠ 1500 ᠲᠦᠭᠦᠷᠢᠭ ᠠᠪᠴᠦ ᠶᠠᠪᠤᠪᠠ ᠭᠡᠵᠡᠢ᠃ ᠡᠨᠡ ᠬᠦ ᠪᠠᠶᠢᠳᠠᠯ ᠢ ᠬᠤᠨᠢᠴᠢᠨ ᠶᠠᠩ ᠤᠪᠤᠭᠳᠤ ᠲᠤᠭᠤᠶᠢᠯᠠᠩ ᠤᠨ ᠲᠠᠷᠤᠭ᠎ᠠ ᠠᠨ ᠤᠪᠤᠭᠳᠤ ᠳᠤ ᠬᠡᠯᠡᠭᠰᠡᠨ ᠳᠤ ᠠᠨ ᠤᠪᠤᠭᠳᠤ ᠵᠢᠭᠠᠬᠠᠨ ᠰᠡᠵᠢᠭ ᠲᠦᠷᠦᠵᠦ ᠬᠡᠷᠡᠭ ᠮᠡᠳᠡᠭᠦᠯᠦᠭᠰᠡᠨ ᠪᠠᠶᠢᠨ᠎ᠠ᠃
1.jpg
3.jpg
      ᠬᠡᠷᠡᠭ ᠤᠨ ᠮᠡᠳᠡᠭᠦᠯᠦᠯᠳᠡ ᠶᠢ ᠲᠤᠰᠤᠭᠰᠠᠨ ᠤ ᠲᠠᠷᠠᠭ᠎ᠠ᠂ ᠡᠨᠡ ᠬᠦ ᠬᠡᠷᠡᠭ ᠨᠢ ᠶᠠᠭ ᠰᠠᠶᠢᠬᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ ᠭᠠᠷᠤᠭᠰᠠᠨ ᠲᠤᠯᠠ ᠬᠡᠰᠢᠭᠳᠡᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠤᠳᠤᠷᠢᠳᠤᠯᠭ᠎ᠠ ᠨᠠᠷ ᠲᠤᠶᠢᠯ ᠢᠶᠠᠷ ᠬᠦᠨᠳᠦᠳᠭᠡᠨ  ᠦᠵᠡᠵᠦ  ᠵᠢᠭᠠᠪᠤᠷᠢ ᠪᠠᠭᠤᠯᠭᠠᠵᠤ᠂ ᠲᠤᠰ ᠬᠡᠷᠡᠭ ᠲᠤ ᠬᠤᠯᠪᠤᠭᠳᠠᠬᠤ ᠲᠡᠷᠭᠡ ᠪᠠ ᠲᠡᠷᠭᠡᠨ ᠤ ᠡᠵᠡᠨ ᠢ ᠲᠠᠷᠤᠢ ᠲᠦᠷᠭᠡᠨ ᠪᠠᠶᠢᠴᠠᠭᠠᠨ ᠲᠣᠳᠤᠯᠠ ᠭᠡᠪᠡ᠃ ᠲᠠᠷᠠᠭ᠎ᠠ ᠡᠳᠦᠷ ᠨᠢ ᠪᠠᠶ᠋ᠬᠠᠤᠪᠤᠭ᠎ᠠ ᠲᠤᠮᠢᠯᠠᠭᠰᠠᠨ ᠰᠠᠯᠪᠤᠷᠢ ᠴᠠᠩ ᠱᠸᠡᠭ ᠲᠤᠰᠬᠤᠨ ᠳᠤ ᠬᠦᠷᠴᠦ ᠮᠡᠬᠡᠯᠡᠯ ᠬᠢᠬᠦ ᠳᠤ ᠨᠢ ᠵᠢᠯᠤᠭᠤᠳᠴᠦ ᠪᠠᠶᠢᠭᠰᠠᠨ ᠲᠡᠷᠭᠡ ᠢ ᠨᠢ ᠡᠷᠢᠨ ᠤᠯᠵᠤ ᠬᠤᠶᠠᠷ ᠬᠡᠷᠡᠭ ᠤᠨ ᠰᠡᠵᠢᠭᠳᠡᠨ ᠶᠢ ᠪᠠᠷᠢᠪᠴᠢᠯᠠᠭᠰᠠᠨ ᠪᠠᠶᠢᠪᠠ᠃ ᠡᠨᠡ ᠬᠤᠶᠠᠷ ᠬᠦᠮᠦᠨ ᠨᠢ ︽ᠲᠠᠯ᠎ᠠ ᠨᠤᠳᠤᠭ ᠤᠨ ᠬᠠᠤᠯᠢ ᠬᠡᠷᠡᠭᠵᠢᠭᠦᠯᠬᠦ︾ ᠭᠡᠰᠡᠨ ᠲᠡᠮᠳᠡᠭ ᠨᠠᠭᠠᠭᠰᠠᠨ ᠲᠡᠷᠭᠡ ᠵᠢᠯᠤᠭᠤᠳᠴᠦ ᠪᠠᠶᠢᠭᠰᠠᠨ ᠪᠦᠭᠡᠳ ᠴᠠᠭᠳᠠᠭ᠎ᠠ ᠨᠡᠷ᠎ᠡ ᠪᠠᠰᠠ ᠲᠡᠷᠭᠡᠨ ᠲᠡᠭᠡᠷ᠎ᠡ ᠠᠴᠠ ᠨᠢ ᠬᠤᠶᠠᠷ ᠵᠠᠬ᠎ᠠ ᠴᠠᠭᠳᠠᠭᠠᠨ ᠬᠤᠪᠴᠠᠰᠦ ᠨᠡᠭᠵᠢᠨ ᠭᠠᠷᠭᠠᠪᠠ᠃      ᠤᠳᠤ ᠲᠤᠰ ᠬᠡᠷᠡᠭ ᠢ ᠤᠯᠠᠮ ᠨᠢᠭᠡ ᠠᠯᠬᠤᠮ ᠪᠠᠶᠢᠴᠠᠭᠠᠵᠦ ᠪᠤᠢ᠃
ᠢᠷᠡᠯᠲᠡ᠄ ᠬᠡᠰᠢᠭᠳᠡᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ