ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ ᠤᠭᠳᠤᠨ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ ᠪᠠᠲᠤᠯᠠᠬᠤ︾ ᠶᠡᠭᠡ ᠶᠠᠷᠢᠯᠴᠠᠬᠤ ᠠᠵᠢᠯᠯᠠᠭ᠎ᠠ ᠶᠢᠨ ᠠᠵᠢᠯ ᠢ ᠲᠦᠯᠬᠢᠨ ᠠᠬᠢᠭᠤᠯᠬᠤ ᠭᠤᠷᠪᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/28
    4 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ ᠤᠭᠳᠤᠨ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ ᠪᠠᠲᠤᠯᠠᠬᠤ︾ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠠᠵᠢᠯ ᠢ ᠲᠦᠯᠬᠢᠨ ᠠᠬᠢᠭᠤᠯᠬᠤ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃
IMG_0143.JPG
    ᠬᠤᠷᠠᠯ ᠳᠡᠭᠡᠷ᠎ᠡ᠂ ᠦᠬᠠᠢ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠤᠪᠴᠢᠶᠠᠨ ᠳᠠᠷᠤᠭ᠎ᠠ ᠮᠠᠤ ᠵᠧᠨ ᠬᠠᠢ ᠨᠥᠬᠦᠷ ᠣᠳᠣᠬᠠᠨ ᠤ ︽ᠶᠡᠭᠡ ᠶᠠᠷᠢᠯᠴᠠᠭᠠᠨ ᠤ ᠠᠵᠢᠯᠯᠠᠭ᠎ᠠ︾ ᠶᠢᠨ ᠠᠵᠢᠯ ᠤᠨ ᠲᠤᠬᠠᠢ ᠲᠠᠪᠤᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠤᠨ ᠳᠠᠷᠤᠯᠲᠠ ᠶᠢ ᠤᠯᠠᠮ ᠨᠢᠭᠡ ᠠᠯᠬᠤᠮ ᠳᠠᠮᠵᠢᠭᠤᠯᠬᠤ ᠬᠡᠷᠡᠭᠲᠡᠢ᠃ ᠬᠤᠶᠠᠷ ᠲᠤ᠂ ᠰᠤᠳᠤᠯᠤᠨ ᠶᠠᠷᠢᠯᠴᠠᠵᠤ ᠶᠢ ᠬᠦᠴᠦᠯᠡᠨ ᠴᠢᠩᠭᠠᠳᠬᠠᠵᠤ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠡᠷᠡᠭᠲᠡᠢ᠃ ᠭᠤᠷᠪᠠ ᠳᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ᠶᠢ ᠬᠦᠴᠦᠲᠡᠢ ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠬᠤ ᠬᠡᠷᠡᠭᠲᠡᠢ᠃ ᠲᠠᠪᠤ ᠳᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠠᠲᠤᠳᠬᠠᠵᠤ᠂ ᠬᠠᠮᠵᠢᠯᠴᠠᠨ ᠬᠢᠨᠠᠨ ᠵᠢᠯᠤᠭᠤᠳᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠪᠡ᠃
IMG_0146.JPG
    ᠡᠯ᠎ᠡ ᠰᠠᠯᠠᠭ᠎ᠠ ᠮᠥᠴᠢᠷ ᠤᠨ ᠬᠢᠨ ᠴᠠᠭ ᠢ ᠠᠮᠵᠢᠨ ᠳᠤᠲᠠᠭᠤᠳᠠᠯ ᠢᠶᠠᠨ ᠨᠥᠬᠦᠪᠦᠷᠢᠯᠡᠵᠦ᠂ ᠳᠡᠭᠡᠳᠦ ᠪᠠᠶᠢᠷᠢ ᠠᠴᠠ ᠠᠬᠢᠭᠤᠯᠬᠤ ᠶᠢ ᠴᠢᠩᠭᠠᠳᠬᠠᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠦᠵᠡᠯ ᠰᠠᠨᠠᠭᠠᠨ ᠤ ᠪᠡᠯᠡᠳᠬᠡᠯ᠂ ᠠᠵᠢᠯ ᠤᠨ ᠪᠡᠯᠡᠳᠬᠡᠯ᠂ ᠮᠠᠲ᠋ᠧᠷᠢᠶᠠᠯ ᠤᠨ ᠪᠡᠯᠡᠳᠬᠡᠯ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠶᠡᠭᠡ ᠶᠠᠷᠢᠯᠴᠠᠭᠠᠨ ᠤ ᠠᠵᠢᠯᠯᠠᠭ᠎ᠠ︾ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ