2021 ᠣᠨ ᠳᠤ 261 ᠠᠷᠠᠳ ᠤᠨ ᠴᠠᠭᠳᠠᠭ᠎ᠠ 131 ᠬᠠᠪᠰᠤᠷᠤᠭᠴᠢ ᠴᠠᠭᠳᠠᠭ᠎ᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠪᠡ
ᠨᠡᠶᠢᠲᠡᠯᠡᠭᠰᠡᠨ ᠴᠠᠭ᠄
2022/4/6
      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠭ᠎ᠠ ᠶᠢᠨ ᠨᠡᠶᠢᠲᠡ 1.6 ᠲᠦᠮᠡ ᠭᠠᠷᠤᠶ ᠠᠷᠠᠳ ᠤᠨ ᠴᠠᠭᠳᠠᠭ᠎ᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠵᠦ᠂ ᠡᠭᠦᠨ ᠳᠤ 3700 ᠭᠠᠷᠤᠶ ᠠᠷᠠᠳ ᠤᠨ ᠴᠠᠭᠳᠠᠭ᠎ᠠ ᠦᠷᠡᠭᠳᠡᠭᠰᠡᠨ ᠪᠠᠭᠠᠲᠤᠷ ᠢᠶᠠᠷ ᠦᠨᠡᠯᠡᠭᠳᠡᠪᠡ︔ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ 3600 ᠭᠠᠷᠤᠢ ᠠᠷᠠᠳ ᠤᠨ ᠴᠠᠭᠳᠠᠭ᠎ᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠵᠦ᠂ ᠡᠭᠦᠨ ᠳᠤ 200 ᠭᠠᠷᠤᠢ ᠠᠷᠠᠳ ᠤᠨ ᠴᠠᠭᠳᠠᠭ᠎ᠠ ᠦᠷᠡᠭᠳᠡᠭᠰᠡᠨ ᠪᠠᠭᠠᠲᠤᠷ ᠢᠶᠠᠷ ᠦᠨᠡᠯᠡᠭᠳᠡᠪᠡ︔ 2021 ᠣᠨ ᠳᠤ᠂ 261 ᠠᠷᠠᠳ ᠤᠨ ᠴᠠᠭᠳᠠᠭ᠎ᠠ᠂ 131 ᠬᠠᠪᠰᠤᠷᠤᠭᠴᠢ ᠴᠠᠭᠳᠠᠭ᠎ᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠪᠡ︔ ᠡᠨᠡ ᠵᠢᠯ ᠠᠴᠠ ᠨᠠᠭᠠᠰᠢ ᠪᠠᠰᠠ 50 ᠴᠠᠭᠳᠠᠭ᠎ᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠪᠡ᠃     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠷᠡᠭᠳᠡᠭᠰᠡᠨ ᠪᠠᠭᠠᠲᠤᠷᠴᠤᠳ ᠮᠠᠨᠢ ᠰᠡᠳᠬᠢᠯ ᠵᠢᠷᠦᠬᠡᠨ ᠳᠠᠬᠢ ᠬᠠᠮᠤᠭ ᠤᠨ ᠰᠦᠷᠯᠢᠭ ᠰᠠᠶᠢᠬᠠᠨ ᠦᠢᠯᠡᠰ  ᠬᠢ ᠪᠠᠨ ᠲᠥᠯᠥᠭᠡ ᠳᠦᠷᠡᠯᠵᠡᠨ ᠪᠠᠳᠠᠷᠠᠵᠤ᠂ ᠠᠮᠢ ᠨᠠᠰᠤᠨ ᠤ ᠭᠡᠷᠡᠯ ᠭᠢᠯᠪᠠᠭ᠎ᠠ ᠪᠠᠷ ᠢᠶᠠᠨ ᠳᠡᠯᠡᠬᠡᠢ ᠶᠢᠷᠳᠢᠨᠴᠦ ᠶᠢ ᠭᠡᠷᠡᠯᠳᠦᠭᠦᠯᠦᠨ᠂ ᠠᠷᠠᠳ ᠲᠦᠮᠡᠨ ᠤ ᠡᠮᠦᠨ᠎ᠡ ᠠᠴᠠ ᠭᠠᠵᠢᠭᠤ ᠰᠦᠷᠭᠡᠦ ᠶᠢ ᠴᠡᠪᠡᠷᠯᠡᠵᠦ᠂ ᠦᠨᠡᠨᠴᠢ ᠰᠢᠳᠤᠷᠭᠤ ᠪᠠ ᠵᠥᠪ ᠶᠣᠰᠤᠨ ᠢᠶᠠᠷ ᠠᠷᠠᠳ ᠤᠨ ᠰᠡᠳᠬᠢᠯ ᠢ ᠳᠤᠯᠠᠭᠠᠴᠠᠭᠤᠯᠪᠠ᠃     ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠠᠶᠤᠯ ᠲᠦᠭᠰᠢᠭᠦᠷᠢ ᠶᠢ ᠬᠠᠶᠢᠬᠤᠷᠤᠯ ᠦᠭᠡᠶ ᠪᠠᠷ ᠠᠮᠢ ᠨᠠᠰᠤ ᠪᠠᠨ ᠦᠷᠡᠭᠳᠡᠭᠦᠯᠵᠦ᠂ ᠠᠷᠠᠳ ᠤᠨ ᠴᠠᠭᠳᠠᠭ᠎ᠠ ᠶᠢᠨ ᠠᠷᠠᠳ ᠲᠦᠮᠡᠨ ᠳᠤ ᠦᠢᠯᠡᠴᠢᠯᠡᠬᠦ᠂ ᠠᠷᠠᠳ ᠢᠶᠠᠨ ᠬᠠᠶᠢᠷᠠᠯᠠᠬᠤ᠂ ᠠᠷᠠᠳ ᠤᠨ ᠲᠥᠯᠥᠭᠡ ᠵᠢᠳᠬᠦᠬᠦ ᠶᠢ ᠢᠮᠠᠭᠲᠠ ᠪᠠᠷᠢᠮᠲᠠᠯᠠᠭᠰᠠᠭᠠᠷ ᠢᠷᠡᠭᠰᠡᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠢᠶᠠᠨ ᠢᠯᠡᠷᠡᠭᠦᠯᠦᠭᠰᠡᠨ ᠢᠶᠠᠷ ᠦᠯᠦ ᠪᠠᠷᠠᠮ᠂ ᠪᠠᠰᠠ ᠬᠡᠵᠢᠶ᠎ᠡ ᠬᠠᠮᠢᠭ᠎ᠠ ᠴᠤ ᠭᠡᠰᠡᠨ᠂ ᠬᠡᠴᠢᠨᠡᠨ ᠶᠡᠭᠡ ᠦᠷᠡᠭᠳᠡᠯ ᠰᠦᠢᠳᠦᠯ ᠭᠠᠷᠭᠠᠭᠰᠠᠨ ᠴᠤ ᠴᠥᠮ ᠴᠥᠬᠦᠷᠡᠰᠢ ᠦᠭᠡᠢ ᠬᠤᠪᠢ ᠨᠡᠮᠡᠷᠢ ᠪᠠ ᠦᠢᠯᠡ ᠠᠵᠢᠯᠯᠠᠭ᠎ᠠ ᠪᠠᠷ ᠢᠶᠠᠨ ᠢᠯᠡᠷᠡᠭᠦᠯᠪᠡ᠃     ᠡᠭᠦᠷᠭᠡᠯᠡᠯ ᠢᠶᠠᠷ ᠢᠶᠠᠨ᠂ ᠵᠢᠳᠬᠦᠯ ᠴᠢᠷᠮᠠᠶᠢᠯᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠭᠡᠬᠦ ᠡᠨᠡ ᠬᠦ ᠡᠷᠬᠢᠮ ᠨᠠᠨᠳᠢᠨ ᠡᠳ᠋ ᠬᠦᠷᠦᠩᠬᠡ ᠶᠢ ᠳᠣᠲᠣᠭᠠᠳᠤ ᠰᠡᠳᠬᠢᠯ ᠳᠤ ᠪᠠᠨ ᠠᠭᠤᠰᠬᠠᠵᠤ᠂ ᠦᠢᠯᠡ ᠠᠵᠢᠯᠯᠠᠭ᠎ᠠ ᠳᠤ ᠪᠠᠨ ᠦᠢᠯᠡᠳᠦᠯᠭᠡᠵᠢᠭᠦᠯᠵᠦ᠂ ᠴᠥᠬᠦᠷᠡᠰᠢ ᠦᠭᠡᠢ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠰᠥᠰᠥ ᠵᠣᠷᠢᠭ ᠪᠣᠯᠤᠨ ᠬᠦᠴᠢᠷ ᠪᠡᠷᠬᠡᠰᠢᠶᠡᠯ ᠤᠨ ᠢᠯᠠᠨ ᠳᠠᠪᠠᠭ᠋ᠤ ᠢᠳᠡ ᠬᠦᠴᠦᠨ ᠢᠶᠠᠷ ᠨᠡᠶᠢᠭᠡᠮ ᠤᠨ ᠠᠮᠤᠷ ᠲᠣᠭᠲᠠᠭᠤᠨ ᠢ ᠰᠠᠬᠢᠨ ᠬᠠᠮᠠᠭᠠᠯᠠᠵᠤ᠂ ᠦᠷᠡᠭᠳᠡᠯ ᠪᠠ ᠢᠷᠠᠭᠤ ᠠᠯᠳᠠᠷ ᠲᠤ ᠣᠰᠣᠯᠳᠠᠬᠤ ᠦᠬᠡᠢ ᠪᠠᠷ ᠰᠢᠨ᠎ᠡ ᠭᠠᠶᠢᠬᠠᠮᠰᠢᠭ ᠢ ᠪᠢᠴᠢᠭᠯᠡᠬᠦ ᠨᠢ ᠯᠠᠪᠲᠠᠢ ᠶᠤᠮ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ  ᠶᠢ ᠬᠠᠮᠠᠭᠠᠯᠠᠬᠤ ᠲᠢᠩᠬᠢᠮ