ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠭᠠᠭᠤᠯᠢ ᠡᠬᠢᠯᠡᠬᠦ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ
ᠨᠡᠶᠢᠲᠡᠯᠡᠭᠰᠡᠨ ᠴᠠᠭ᠄
2022/4/6
          ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠭᠠᠭᠤᠯᠢ ᠡᠬᠢᠯᠡᠬᠦ           ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ        ᠣᠶᠢᠷ᠎ᠠ ᠳᠤ᠂ ᠤᠷᠠᠳ ᠤᠨ ᠬᠤᠶᠢᠲᠤ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠵᠠᠯᠭᠠᠭ᠎ᠠ ᠪᠠᠷ ᠰᠤᠷᠭᠠᠭᠤᠯᠢ ᠡᠬᠢᠯᠡᠬᠦ ᠶᠢ ᠳᠠᠭᠠᠯᠳᠤᠨ᠂ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠷᠢᠨ ᠨᠢᠮᠪᠠᠶ ᠪᠠᠶᠢᠷᠢᠯᠠᠭᠤᠯᠵᠤ᠂ ᠰᠤᠷᠤᠭᠴᠢᠳ ᠤᠨ ᠠᠮᠤᠷ ᠲᠦᠪᠰᠢᠨ ᠢᠶᠠᠷ ᠰᠤᠷᠭᠠᠭᠤᠯᠢ ᠳᠤ ᠪᠠᠨ ᠣᠴᠢᠬᠤ ᠶᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠪᠠ᠃
A21A9624.JPG   
      ᠰᠤᠷᠭᠠᠭᠤᠯᠢ ᠡᠬᠢᠯᠡᠬᠦ ᠠᠴᠠ ᠡᠮᠦᠨᠡᠬᠡᠨ᠂ ᠰᠤᠷᠭᠠᠭᠤᠯᠢ ᠶᠢᠨ ᠠᠮᠤᠷ ᠢ ᠬᠠᠮᠠᠭᠠᠯᠠᠭᠴᠢ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠭᠦᠯᠦᠨ᠂ ᠰᠤᠷᠭᠠᠭᠤᠯᠢ ᠶᠢᠨ ᠬᠦᠷᠢᠶᠡᠨ ᠤ ᠳᠣᠲᠣᠭᠠᠳᠤ ᠶᠢᠨ ᠬᠠᠮᠠᠭᠠᠯᠠᠯᠲᠠ ᠶᠢᠨ ᠬᠦᠴᠦᠨ᠂ ᠬᠠᠮᠠᠭᠠᠯᠠᠯᠲᠠ ᠶᠢᠨ ᠲᠥᠬᠦᠭᠡᠷᠦᠮᠵᠢ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠳᠣᠲᠣᠨ᠎ᠠ ᠭᠠᠳᠠᠨᠠᠬᠢ ᠬᠢᠨᠠᠨ ᠡᠵᠡᠮᠳᠡᠯ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠡᠷᠡᠭᠰᠡᠯ ᠤᠨ ᠲᠥᠬᠦᠭᠡᠷᠦᠮᠵᠢ ᠵᠡᠷᠭᠡ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠵᠢᠯᠣᠭᠤᠳᠴᠤ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠭᠴᠢ ᠶᠢᠨ ᠵᠢᠵᠢᠭᠦᠷᠯᠡᠬᠦ ᠲᠦᠷᠢᠮ ᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠣᠷᠣᠵᠤ ᠭᠠᠷᠬᠤ ᠬᠥᠮᠦᠰ ᠤᠨ ᠳᠡᠩᠰᠡᠯᠡᠨ ᠲᠡᠮᠳᠡᠭᠯᠡᠬᠦ ᠡᠬᠡ ᠲᠠᠩᠰᠠ᠂ ᠬᠢᠨᠠᠨ ᠡᠵᠡᠮᠳᠡᠬᠦ ᠲᠥᠬᠦᠭᠡᠷᠦᠮᠵᠢ ᠶᠢᠨ ᠠᠵᠢᠯᠯᠠᠭᠠᠨ ᠤ ᠡᠬᠡ ᠲᠠᠩᠰᠠ ᠵᠢᠴᠢ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠲᠣᠬᠢᠷᠠᠭᠤᠯᠤᠯᠲᠠ ᠶᠢᠨ ᠡᠬᠡ ᠲᠠᠩᠰᠠ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠶᠢ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠬᠠᠮᠢᠶᠠᠷᠤᠯᠲᠠ ᠶᠢᠨ ᠠᠯᠳᠠᠰᠢ ᠭᠠᠷᠬᠤ ᠶᠢ ᠪᠥᠬᠦ ᠬᠦᠴᠦᠨ ᠢᠶᠠᠷ ᠢᠶᠠᠨ ᠬᠤᠷᠢᠭᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ᠃
ᠢᠷᠡᠯᠲᠡ᠄ ᠪᠠᠶᠠᠠᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ