ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ
ᠨᠡᠶᠢᠲᠡᠯᠡᠭᠰᠡᠨ ᠴᠠᠭ᠄
2022/4/7
              ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠠᠤᠯᠢ ᠪᠠᠷ ᠵᠠᠰᠠᠬᠤ ᠡᠵᠡᠩᠨᠡᠯᠲᠡ ᠶᠢᠨ               ᠣᠷᠴᠢᠨ ᠲᠣᠭᠤᠷᠢᠨ ᠢ ᠰᠢᠯᠢᠳᠡᠭᠵᠢᠭᠦᠯᠬᠦ︾ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ          2 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ︽ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠡᠭᠡ ᠶᠠᠷᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠡᠩ ᠰᠢᠯᠢᠳᠡᠭᠵᠢᠭᠦᠯᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠭᠤᠣᠯᠳᠠᠭᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠪᠦᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ︽ᠬᠤᠷᠢᠳᠤᠭᠠᠷ ᠶᠡᠭᠡ ᠬᠤᠷᠠᠯ ᠢ ᠤᠭᠲᠤᠬᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ︾ ᠲᠤᠬᠠᠢ ᠶᠠᠷᠢᠯᠴᠠᠬᠤ ᠶᠡᠭᠡ ᠠᠵᠢᠯᠯᠠᠭ᠎ᠠ ᠶᠢ ᠥᠷᠨᠢᠭᠦᠯᠪᠡ᠃ ᠡᠭᠦᠨ ᠤ ᠳᠠᠭᠠᠤ ᠨᠡᠶᠢᠭᠡᠮ ᠳᠠᠶᠠᠭᠠᠷ ᠲᠤ ᠬᠠᠨᠳᠤᠭᠤᠯᠤᠨ ︽ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠰᠠᠨᠠᠯ ᠰᠠᠨᠠᠭᠤᠯᠭ᠎ᠠ ᠶᠢᠨ ᠲᠠᠪᠴᠠᠩ ᠪᠠ ᠠᠷᠭ᠎ᠠ ᠵᠠᠮ ᠵᠡᠷᠭᠡ ᠠᠭᠤᠯᠭ᠎ᠠ ᠶᠢ ᠢᠯᠡ ᠪᠠᠷ ᠬᠤᠷᠢᠶᠠᠵᠤ᠂ ᠵᠠᠭᠤᠴᠢᠯᠠᠭᠤᠷ ᠪᠠ ᠥᠷᠭᠡᠨ ᠣᠯᠠᠨ ᠲᠦᠮᠡᠨ ᠳᠤ ᠵᠠᠷᠯᠠᠨ ᠮᠡᠳᠡᠭᠳᠡᠬᠦ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃    ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠥᠭᠡᠷᠡᠴᠢᠯᠡᠯᠲᠡ ᠶᠢᠨ ᠠᠯᠪᠠᠨ ᠬᠡᠷ ᠤᠨ ᠳᠡᠳ᠋ ᠡᠷᠬᠢᠯᠡᠭᠴᠢ ᠳ᠋ᠦᠩ ᠶᠦᠩ ᠭᠠᠩ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠣᠭᠲᠠᠭᠠᠨ ᠬᠡᠷᠡᠭᠵᠢᠭᠦᠯᠦᠭᠰᠡᠨ ︽︿ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠢᠯᠡᠴᠢᠯᠡᠬᠦ ᠠᠵᠢᠯᠯᠠᠭᠠᠨ ᠤ ᠲᠥᠰᠦᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠨᠠᠷᠢᠯᠢᠬᠵᠢᠭᠤᠯᠬᠤ ᠡᠭᠦᠷᠭᠡ ᠶᠢᠨ ᠲᠥᠰᠦᠯ︾ ︵ᠳᠣᠷᠣᠭᠰᠢ ︽ᠨᠠᠷᠢᠯᠢᠬᠵᠢᠭᠤᠯᠬᠤ ᠲᠥᠰᠦᠯ︾ ᠭᠡᠵᠦ ᠲᠣᠪᠴᠢᠯᠠᠨ᠎ᠠ︶ ᠤᠨ ᠪᠠᠶᠢᠳᠠᠯ ᠢ ᠮᠡᠳᠡᠭᠳᠡᠪᠡ᠃ ︽ᠨᠠᠷᠢᠯᠢᠬᠵᠢᠭᠤᠯᠬᠤ ᠲᠥᠰᠦᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠭᠤᠴᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠭᠠᠴᠢᠯᠠᠭᠰᠠᠨ ᠮᠡᠳᠡᠭᠡ ᠵᠠᠩᠭᠢᠵᠢᠯᠲᠠ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ᠂ ᠪᠥᠬᠦ ᠴᠤᠪᠤᠷᠠᠯ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ ᠪᠥᠬᠦ ᠬᠠᠭᠤᠳᠠᠰᠤ ᠶᠢ ᠶᠡᠷᠦᠩᠬᠡᠶᠢᠯᠡᠨ ᠵᠠᠬᠢᠷᠴᠤ᠂ ᠭᠤᠤᠯᠳᠠᠯᠭ᠎ᠠ ᠲᠠᠢ ᠰᠢᠪᠲᠤᠯᠤᠯᠲᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠳᠣᠪᠤᠶᠢᠯᠭᠠᠵᠤ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠤᠨᠴᠢ ᠪᠠᠷ ᠬᠢᠨᠠᠨ ᠵᠥᠪᠰᠢᠶᠡᠷᠡᠬᠦ᠂ ᠣᠶᠤᠨᠴᠢ ᠪᠠᠷ ᠬᠢᠨᠠᠨ ᠬᠠᠮᠢᠶᠠᠷᠬᠤ᠂ ᠣᠶᠤᠨᠴᠢ ᠪᠠᠷ ᠦᠢᠯᠡᠴᠢᠯᠡᠬᠦ ᠶᠢ ᠬᠦᠴᠦᠯᠡᠨ ᠠᠬᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠨᠠᠩ ᠲᠥᠬᠦᠮ᠂ ᠨᠠᠩ ᠲᠥᠪ ᠭᠤᠤᠯᠴᠢ ᠪᠣᠯᠭᠠᠪᠠ᠃ ︽ᠨᠠᠷᠢᠯᠢᠬᠵᠢᠭᠤᠯᠬᠤ ᠲᠥᠰᠦᠯ︾ ᠳᠤ 32 ᠵᠦᠢᠯ ᠤᠨ ᠪᠣᠳᠠᠳᠠᠢ ᠬᠠᠷᠭᠤᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠶᠢᠨ ᠲᠥᠯᠥᠭᠡ᠂ ᠠᠷᠭ᠎ᠠ ᠬᠡᠮᠵᠢᠶ᠎ᠡ ᠨᠢᠭᠡᠪᠦᠷᠢ ᠶᠢ ᠴᠥᠮ ᠴᠢᠨᠠᠷ ᠰᠠᠶᠢᠲᠠᠶ ᠪᠠᠷ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠰᠢᠯᠢᠳᠡᠭᠵᠢᠭᠦᠯᠬᠦ︾ ᠶᠡᠭᠡ ᠶᠠᠷᠢᠯᠴᠠᠭ᠎ᠠ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾᠂ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠬᠠᠤᠯᠢ ᠴᠠᠭᠠᠵᠠ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠤᠬᠠᠭᠤᠯᠭ᠎ᠠ ᠬᠢᠬᠦ ᠵᠡᠷᠭᠡ 7 ᠠᠵᠢᠯᠯᠠᠬᠤ ᠳᠤᠭᠤᠶᠢᠯᠠᠩ ᠢ ᠪᠠᠶᠢᠭᠤᠯᠵᠠᠢ᠃ ᠡᠯ᠎ᠡ ᠠᠵᠢᠯᠯᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠲᠦᠷᠢᠮ ᠢ ᠲᠣᠭᠲᠠᠭᠠᠵᠤ᠂ ᠪᠠᠶᠢᠭᠤᠯᠤᠮᠵᠢ ᠶᠢᠨ ᠪᠦᠲᠦᠴᠡ ᠲᠣᠳᠣᠷᠬᠠᠢ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠨᠢᠭᠲᠠ᠂ ᠡᠭᠦᠷᠭᠡ ᠶᠢᠨ ᠬᠤᠪᠢᠶᠠᠷᠢᠯᠠᠯ ᠲᠣᠳᠣᠷᠬᠠᠢ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠰᠢᠰᠲ᠋ᠧᠮ ᠢ ᠪᠦᠷᠢᠯᠳᠦᠭᠦᠯᠵᠡᠢ᠃ ᠡᠭᠦᠨ ᠤ ᠵᠡᠷᠭᠡ ᠳᠤ᠂ ᠬᠢᠨᠠᠨ ᠵᠢᠯᠣᠭᠤᠳᠴᠤ ᠪᠠᠶᠢᠴᠠᠭᠠᠬᠤ᠂ ᠤᠯᠤᠰ ᠲᠥᠷᠥ ᠶᠢᠨ ᠰᠢᠪᠠᠳᠠᠨ ᠪᠠᠶᠢᠴᠠᠭᠠᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠳᠣᠭᠢᠷᠠᠭᠤᠯᠤᠨ ᠮᠡᠳᠡᠭᠳᠡᠬᠦ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠬᠤ ᠪᠠᠷ ᠳᠠᠮᠵᠢᠭᠤᠯᠤᠨ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠨᠡᠬᠡᠮᠵᠢᠯᠡᠬᠦ ᠶᠢ ᠴᠢᠩᠭᠠᠳᠬᠠᠵᠤ᠂ ᠠᠵᠢᠯ ᠢᠶᠠᠨ ᠬᠦᠴᠦᠲᠡᠶ ᠠᠬᠢᠭᠤᠯᠤᠭᠰᠠᠨ ᠥᠬᠡᠶ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠪᠡ᠃    ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠦᠷᠦ ᠶᠢᠨ ᠬᠡᠯᠲᠡᠰ ᠤᠨ ᠠᠵᠢᠯᠳᠠᠨ ᠤ ᠶᠠᠪᠤᠳᠠᠯ ᠤᠨ ᠪᠣᠯᠪᠠᠰᠤᠷᠠᠯ ᠤᠨ ᠭᠠᠵᠠᠷ ᠤᠨ ᠳᠠᠷᠤᠭ᠎ᠠ ᠳ᠋ᠧᠩ ᠵᠦᠩ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ ᠤᠭᠳᠤᠬᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠠᠮᠢᠶ᠎ᠠ ᠪᠦᠬᠦᠢ ᠪᠠᠶᠢᠳᠠᠯ ᠢ ᠮᠡᠳᠡᠭᠳᠡᠪᠡ᠃ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠠᠷᠠᠯᠲᠠ ᠡᠭᠦᠷᠭᠡ᠂ ᠠᠵᠢᠯᠯᠠᠭ᠎ᠠ ᠶᠢᠨ ᠬᠡᠪᠴᠢᠶ᠎ᠡ ᠪᠠ ᠴᠠᠭ᠂ ᠠᠵᠢᠯᠯᠠᠭ᠎ᠠ ᠶᠢᠨ ᠭᠤᠣᠯ ᠭᠤᠭᠴᠤᠭ᠎ᠠ ᠪᠠ ᠡᠭᠦᠷᠭᠡ ᠵᠢᠴᠢ ᠠᠵᠢᠯᠯᠠᠭ᠎ᠠ ᠶᠢᠨ ᠭᠤᠣᠯ ᠱᠠᠭᠠᠷᠳᠠᠯᠭ᠎ᠠ ᠳᠤ ᠬᠠᠷᠢᠭᠤᠯᠲᠠ ᠥᠭᠪᠡ᠃ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠶᠢᠨ ᠱᠠᠭᠠᠷᠳᠠᠯᠭ᠎ᠠ ᠬᠠᠩᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠵᠣᠷᠢᠯᠲᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠬᠢᠨᠠᠯᠲᠠ ᠬᠦᠯᠢᠶᠡᠬᠦ ᠤᠬᠠᠮᠰᠠᠷ ᠢ ᠦᠨᠡᠨ ᠬᠦ ᠴᠢᠩᠭᠠᠳᠬᠠᠵᠤ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠰᠢᠨᠡᠳᠬᠡᠵᠦ᠂ ᠪᠠᠶᠢᠷᠢ ᠰᠣᠯᠢᠵᠤ ᠰᠡᠳᠬᠢᠬᠦ᠂ ᠥᠪᠡᠷ ᠤᠨ ᠪᠡᠶ᠎ᠡ ᠲᠠᠢ ᠪᠠᠨ ᠬᠠᠷᠢᠯᠴᠠᠬᠤ ᠶᠢ ᠬᠥᠮᠦᠵᠢᠭᠦᠯᠦᠨ ᠵᠢᠯᠤᠭᠤᠳᠪᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠠᠵᠤ ᠠᠬᠤᠶ ᠶᠢᠨ ᠠᠮᠤᠷ ᠲᠣᠭᠲᠠᠭᠤᠨ ᠢ ᠪᠠᠲᠤᠯᠠᠬᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠭᠤᠯᠬᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠡᠨ ᠤ ᠲᠥᠯᠥᠭᠡ ᠬᠠᠤᠯᠢ ᠬᠡᠷᠡᠭᠵᠢᠭᠦᠯᠬᠦ᠂ ᠬᠡᠨ ᠤ ᠲᠥᠯᠥᠭᠡ ᠡᠷᠬᠡ ᠬᠡᠷᠡᠭᠯᠡᠬᠦ᠂ ᠬᠡᠨ ᠳᠤ ᠠᠰᠢᠭ ᠣᠯᠭᠤᠬᠤ ᠦᠨᠳᠦᠰᠦᠨ ᠠᠰᠠᠭᠤᠳᠠᠯ ᠢ ᠲᠣᠳᠣᠷᠬᠠᠶᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠣᠯᠭᠤᠬᠤ︾ ᠠᠵᠢᠯ ᠤᠨ ᠡᠷᠴᠢᠮ ᠢ ᠴᠢᠩᠭᠠᠷᠠᠭᠤᠯᠵᠤ᠂ ᠨᠢᠭᠡ ᠪᠦᠯᠦᠭ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠨᠢᠭᠡ ᠪᠦᠯᠦᠭ ᠲᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠣᠭᠲᠠᠭᠤᠨ ᠪᠥᠭᠡᠳ ᠭᠤᠣᠯᠴᠢ ᠪᠥᠭᠡᠳ ᠢᠯᠡ ᠲᠣᠳᠣ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠭᠤᠷᠪᠠᠨ ᠵᠠᠩᠭᠢᠯᠠᠭ᠎ᠠ ᠶᠢᠨ ᠡᠭᠦᠷᠭᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠤᠷᠤᠯᠴᠠᠨ ᠣᠶᠢᠯᠠᠭᠠᠬᠤ ᠪᠠᠷ ᠡᠬᠢᠯᠡᠯᠲᠡ ᠪᠠ ᠰᠠᠭᠤᠷᠢ ᠪᠣᠯᠭᠠᠵᠤ᠂ ᠬᠠᠷᠢᠴᠠᠭᠤᠯᠤᠨ ᠪᠠᠶᠢᠴᠠᠭᠠᠨ ᠦᠵᠡᠬᠦ ᠪᠠᠷ ᠭᠤᠤᠯᠳᠠᠯᠭ᠎ᠠ ᠪᠣᠯᠭᠠᠵᠤ᠂ ᠳ᠋ᠦᠩᠨᠡᠨ ᠳᠡᠭᠡᠭᠰᠢᠯᠡᠭᠦᠯᠬᠦ ᠪᠠᠷ ᠦᠨᠳᠦᠰᠦ ᠪᠠ ᠬᠠᠷᠠᠯᠲᠠ ᠪᠠᠨ ᠪᠣᠯᠭᠠᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠪᠣᠯᠤᠨ᠎ᠠ᠃    ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠥᠷᠥ ᠶᠢᠨ ᠬᠡᠯᠲᠡᠰ ᠤᠨ ᠰᠣᠨᠢᠨ ᠮᠡᠳᠡᠭᠡ ᠤᠬᠠᠭᠤᠯᠬᠤ ᠭᠠᠵᠠᠷ ᠤᠨ ᠳᠡᠳ᠋ ᠳᠠᠷᠤᠭ᠎ᠠ ᠯᠢ ᠶᠦᠩ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠰᠠᠨᠠᠯ ᠰᠠᠨᠠᠭᠤᠯᠭ᠎ᠠ ᠶᠢ ᠢᠯᠡ ᠪᠠᠷ ᠬᠤᠷᠢᠶᠠᠬᠤ ᠲᠠᠪᠴᠠᠩ ᠪᠠ ᠠᠷᠭ᠎ᠠ ᠵᠠᠮ ᠤᠨ ᠪᠠᠶᠢᠳᠠᠯ ᠢ ᠲᠠᠨᠢᠯᠴᠠᠭᠤᠯᠪᠠ᠃ ᠨᠢᠭᠡ ᠳᠤ ᠰᠦᠯᠵᠢᠶᠡᠨ ᠳᠡᠭᠡᠷ᠎ᠡ ᠰᠠᠨᠠᠯ ᠰᠠᠨᠠᠭᠤᠯᠭ᠎ᠠ ᠴᠤᠭᠯᠠᠭᠤᠯᠬᠤ ᠠᠵᠢᠯ ᠢ ᠥᠷᠨᠢᠭᠦᠯᠦᠨ᠎ᠡ᠃ 2 ᠳ᠋ᠤᠭᠠᠷ ᠰᠠᠷ᠎ᠠ ᠶᠢᠨ 25 ᠤ ᠡᠳᠦᠷ ᠠᠴᠠ 12 ᠳ᠋ᠤᠭᠠᠷ ᠰᠠᠷ᠎ᠠ ᠶᠢᠨ 31 ᠪᠣᠯᠲᠠᠯ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠰᠠᠭ ᠤᠨ ᠶᠠᠪᠤᠳᠠᠯ ᠤᠨ ᠰᠦᠯᠵᠢᠶ᠎ᠡ᠂ ︽ᠠᠮᠤᠭᠤᠯᠠᠩᠳᠤ ᠥᠪᠥᠷ ᠮᠣᠩᠭᠤᠯ︾ ᠭᠡᠬᠦ ᠸᠢᠴᠠᠲ ᠤᠨ ᠨᠡᠶᠢᠲᠡ ᠶᠢᠨ ᠳ᠋ᠤᠭᠠᠷ ᠵᠢᠴᠢ ᠡᠯ᠎ᠡ ᠵᠠᠭᠤᠴᠢᠯᠠᠭᠤᠷ ᠤᠨ ᠲᠠᠪᠴᠠᠩ ᠵᠡᠷᠭᠡ ᠪᠠᠷ ᠳᠠᠮᠵᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠰᠠᠨᠠᠯ ᠰᠠᠨᠠᠭᠤᠯᠭ᠎ᠠ ᠶᠢᠨ ᠠᠯᠪᠠᠨ ᠵᠠᠷ︾ ᠢ ᠭᠠᠳᠠᠭᠰᠢ ᠨᠡᠶᠢᠲᠡᠯᠡᠵᠦ᠂ ᠪᠥᠬᠦ ᠨᠡᠶᠢᠭᠡᠮ ᠳᠤ ᠬᠠᠨᠳᠤᠭᠤᠯᠤᠨ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠬᠦᠷᠦᠯᠴᠡᠬᠦ ᠥᠬᠡᠶ ᠲᠠᠯ᠎ᠠ ᠪᠠ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ᠥᠷᠭᠡᠨ ᠣᠯᠠᠨ ᠰᠦᠯᠵᠢᠶᠡᠨ ᠠᠨᠳᠠ ᠨᠠᠷ ᠠᠯᠪᠠᠨ ᠵᠠᠷ ᠲᠠᠬᠢ  ᠮᠡᠷᠭᠡᠨ ᠴᠣᠬᠤᠷ ᠢ ᠰᠢᠷᠪᠢᠬᠦ ᠪᠠᠷ ᠳᠠᠮᠵᠢᠭᠤᠯᠤᠨ᠂ ᠪᠡᠶ᠎ᠡ ᠶᠢᠨ ᠬᠡᠮ᠂ ᠭᠠᠵᠠᠷ ᠣᠷᠣᠨ ᠪᠠ ᠠᠰᠠᠭᠤᠳᠠᠯ ᠤᠨ ᠰᠠᠨᠠᠭᠤᠯᠭ᠎ᠠ ᠳᠤᠷᠠᠳᠬᠤ ᠲᠥᠷᠥᠯ ᠢᠯᠭᠠᠯ ᠢ ᠲᠣᠳᠣᠷᠬᠠᠶᠢᠯᠠᠭᠰᠠᠨ ᠤ ᠳᠠᠷᠠᠭ᠎ᠠ ᠳᠠᠷᠤᠶ ᠠᠵᠢᠯᠯᠠᠭ᠎ᠠ ᠳᠤ ᠣᠷᠣᠯᠴᠠᠵᠤ ᠪᠣᠯᠤᠨ᠎ᠠ᠃ ᠬᠤᠶᠠᠷ ᠲᠤ ᠴᠠᠭᠳᠠᠭ᠎ᠠ ᠠᠷᠠᠳ ᠤᠨ ᠲᠤᠰᠬᠠᠶ ᠰᠡᠳᠦᠪᠲᠦ ᠶᠠᠷᠢᠯᠴᠠᠬᠤ ᠬᠤᠷᠠᠯ ᠢ ᠬᠤᠷᠠᠯᠳᠤᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠴᠠᠭᠳᠠᠭ᠎ᠠ ᠠᠷᠠᠳ ᠤᠨ ᠶᠠᠷᠢᠯᠴᠠᠬᠤ ᠬᠤᠷᠠᠯ ᠢ ᠴᠠᠭ ᠲᠤ ᠨᠢ ᠲᠣᠬᠢᠷᠠᠭᠤᠯᠤᠨ ᠡᠷᠬᠢᠯᠡᠵᠦ᠂ ᠠᠵᠤ ᠠᠬᠤᠶᠢᠯᠠᠯᠲᠠᠨ ᠤ ᠲᠥᠯᠥᠭᠡᠯᠡᠭᠴᠢ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯᠤᠨ ᠭᠤᠤᠯ ᠵᠠᠭᠤᠴᠢᠯᠠᠭᠤᠷ ᠤᠨ ᠲᠥᠯᠥᠭᠡᠯᠡᠭᠴᠢ ᠶᠢ ᠤᠷᠢᠨ ᠣᠷᠣᠯᠴᠠᠭᠤᠯᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠡᠲᠡᠭᠡᠳ ᠤᠨ ᠲᠥᠯᠥᠭᠡᠯᠡᠭᠴᠢᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠠᠯᠪᠢᠵᠤ ᠪᠠᠶᠢᠭ᠎ᠠ ᠬᠦᠰᠡᠯ ᠱᠠᠭᠠᠷᠳᠠᠯᠭ᠎ᠠ ᠪᠣᠯᠤᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ᠎ᠠ᠃ ᠭᠤᠷᠪᠠ ᠳᠤ ᠬᠠᠮᠲᠤᠷᠠᠨ ᠬᠥᠳᠡᠯᠦᠯᠴᠡᠵᠦ ᠰᠠᠨᠠᠯ ᠬᠤᠷᠢᠶᠠᠬᠤ ᠠᠵᠢᠯ ᠢ ᠪᠠᠶᠢᠷᠢᠯᠠᠭᠤᠯᠤᠨ ᠥᠷᠨᠢᠭᠦᠯᠪᠡ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠪᠠᠶᠢᠷᠢᠯᠠᠭᠤᠯᠵᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠣᠷᠣᠨ ᠤ ᠪᠠᠨ ᠰᠠᠨᠠᠯ ᠰᠠᠨᠠᠭᠤᠯᠭ᠎ᠠ ᠶᠢ ᠬᠤᠷᠢᠶᠠᠵᠤ ᠡᠮᠬᠢᠯᠡᠬᠦ ᠠᠵᠢᠯ ᠢ ᠰᠠᠶᠢᠲᠤᠷ ᠬᠢᠵᠦ᠂ ᠡᠭᠦᠨ ᠤ ᠬᠠᠮᠲᠤ ᠡᠯ᠎ᠡ ᠴᠠᠭᠳᠠᠭᠠᠨ ᠤ ᠲᠥᠷᠥᠯ ᠤᠨ ᠬᠢᠨ ᠠᠵᠢᠯ ᠤᠨ ᠡᠭᠦᠷᠭᠡ ᠬᠠᠷᠢᠭᠤᠴᠠᠯᠭ᠎ᠠ᠂ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠤ ᠪᠠᠨ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠬᠤᠳᠠᠯᠳᠤᠭ᠎ᠠ ᠠᠴᠠ ᠠᠷᠭ᠎ᠠ ᠪᠣᠳᠣᠯᠭ᠎ᠠ ᠡᠷᠢᠯᠬᠢᠯᠡᠵᠦ᠂ ᠬᠡᠷᠡᠭᠴᠡᠭᠡ ᠱᠠᠭᠠᠷᠳᠠᠯᠭ᠎ᠠ ᠶᠢ ᠠᠵᠤ ᠠᠬᠤᠶᠢᠯᠠᠯ ᠠᠴᠠ ᠠᠰᠠᠭᠤᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠠᠯᠪᠤᠷᠢ ᠠᠩᠭᠢ ᠳᠥᠷᠪᠡᠨ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠭᠤᠯᠳᠤ ᠪᠠᠷ ᠡᠴᠦᠰ ᠲᠤ ᠨᠢ ᠲᠤᠯᠲᠠᠯ᠎ᠠ ᠬᠥᠳᠡᠯᠦᠯᠴᠡᠬᠦ᠂ ᠳᠣᠲᠣᠭᠠᠳᠤ ᠶᠢ ᠬᠠᠮᠠᠭᠠᠯᠠᠬᠤ᠂ ᠬᠤᠳᠠᠯᠳᠤᠭ᠎ᠠ ᠠᠵᠤ ᠠᠬᠤᠶᠢᠯᠠᠯ᠂ ᠪᠤᠰᠤᠳ ᠠᠵᠢᠯ ᠲᠥᠷᠥᠯ ᠢ ᠪᠥᠬᠦ ᠴᠠᠷᠠᠭ᠎ᠠ ᠪᠠᠷ ᠬᠠᠮᠤᠷᠬᠤ᠂ ᠬᠥᠨᠳᠡᠯᠡᠨ ᠢᠶᠠᠷ ᠪᠥᠬᠦ ᠲᠠᠯ᠎ᠠ ᠶᠢᠨ᠂ ᠪᠣᠰᠤᠭ᠎ᠠ ᠴᠣᠭᠴᠠᠲᠤ ᠰᠠᠨᠠᠯ ᠰᠠᠨᠠᠭᠤᠯᠭ᠎ᠠ ᠶᠢ ᠴᠤᠭᠯᠠᠭᠤᠯᠬᠤ ᠠᠷᠭ᠎ᠠ ᠵᠠᠮ ᠢ ᠪᠣᠶ ᠪᠣᠯᠭᠠᠵᠤ᠂ ︽ᠡᠭᠦᠳᠡ︾ ᠶᠢ ᠦᠨᠡᠨ ᠬᠦ ᠨᠡᠭᠡᠭᠡᠵᠦ᠂ ︽ᠢᠳᠬᠠᠯ︾ ᠢ ᠭᠥᠯᠢᠶᠡᠨ ᠠᠪᠴᠤ᠂ ᠪᠤᠰᠤᠳᠴᠢ ᠦᠨᠡᠨ ᠪᠣᠳᠠᠲᠠᠶ ᠰᠠᠨᠠᠯ ᠰᠠᠨᠠᠭᠤᠯᠭ᠎ᠠ ᠪᠠᠷ ᠠᠵᠢᠯ ᠢᠶᠠᠨ ᠰᠠᠶᠢᠵᠢᠷᠠᠭᠤᠯᠬᠤ ᠶᠢ ᠠᠬᠢᠭᠤᠯᠬᠤ ᠴᠢᠭᠯᠡᠯ ᠪᠣᠯᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠩ ᠰᠠᠶᠢᠲᠤᠷ ᠳᠠᠭᠠᠵᠤ᠂ ᠨᠡᠶᠢᠭᠡᠮ ᠤᠨ ᠠᠩᠬᠠᠷᠤᠯ ᠳᠤ ᠨᠠᠩ ᠰᠠᠶᠢᠨ ᠬᠠᠷᠢᠭᠤᠯᠲᠠ ᠥᠭᠭᠦᠨ᠎ᠡ᠃
ᠢᠷᠡᠯᠲᠡ᠄ ᠥᠪᠦᠷ ᠮᠤᠩᠭᠤᠯ ᠤᠨ ᠲᠣᠳᠤᠭᠠᠳᠤ ᠶᠢ ᠬᠠᠮᠠᠭᠠᠯᠠᠬᠤ ᠲᠢᠩᠬᠢᠮ