ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠨᠢᠳᠤᠨᠤᠨ ᠠᠴᠠ ᠨᠠᠭᠠᠰᠢᠬᠢ ᠠᠵᠢᠯ ᠤᠨ ᠦᠷ᠎ᠡ ᠪᠦᠳᠦᠮᠵᠢ ᠶᠢ ᠮᠡᠳᠡᠭᠡᠯᠡᠪᠡ
ᠨᠡᠶᠢᠲᠡᠯᠡᠭᠰᠡᠨ ᠴᠠᠭ᠄
2022/4/8
            ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠶ             ᠠᠩᠭᠢ ᠶᠢᠨ ᠨᠢᠳᠤᠨᠤᠨ ᠠᠴᠠ ᠨᠠᠭᠠᠰᠢᠬᠢ ᠠᠵᠢᠯ ᠤᠨ ᠦᠷ᠎ᠡ ᠪᠦᠳᠦᠮᠵᠢ ᠶᠢ ᠮᠡᠳᠡᠭᠡᠯᠡᠪᠡ          1 ᠳ᠋ᠦ᠋ᠭᠡᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ︽ᠠᠷᠠᠳ ᠲᠦᠮᠡᠨ ᠳᠤ ᠮᠡᠳᠡᠭᠦᠯᠬᠦ︾ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠭᠤᠷᠪᠠᠳᠤᠭᠠᠷ ᠲᠠᠯᠠᠪᠤᠷ ᠬᠤᠷᠠᠯᠳᠤᠭᠤᠯᠵᠤ᠂ ᠥᠪᠥᠷ ᠮᠣᠩᠭᠤᠯ ᠤᠨ ᠬᠢᠯᠢ ᠶᠢᠨ ᠬᠠᠮᠢᠶᠠᠷᠤᠯᠲᠠ ᠶᠢᠨ 2021 ᠣᠨ ᠤ ᠠᠵᠢᠯ ᠤᠨ ᠦᠷ᠎ᠡ ᠪᠦᠲᠦᠮᠵᠢ ᠶᠢ ᠵᠠᠷᠯᠠᠨ ᠮᠡᠳᠡᠭᠳᠡᠭᠰᠡᠨ ᠪᠥᠭᠡᠳ ᠲᠤᠬᠠᠶ ᠶᠢᠨ ᠲᠠᠯᠠᠪᠤᠷ ᠲᠤ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠨᠠᠮ ᠤᠨ ᠬᠤᠷᠢᠶᠠᠨ ᠤ ᠭᠡᠰᠢᠭᠦᠨ᠂ ᠠᠯᠪᠠᠨ ᠬᠡᠷ ᠤᠨ ᠡᠷᠬᠢᠯᠡᠭᠴᠢ᠂ ᠬᠤᠶᠠᠳᠤᠭᠠᠷ ᠳᠡᠰ ᠤᠨ ᠴᠠᠭᠳᠠᠭᠠᠨ ᠤ ᠶᠠᠪᠤᠳᠠᠯ ᠤᠨ ᠲᠤᠰᠬᠠᠶ ᠲᠤᠰᠢᠶᠠᠯᠲᠠᠨ ᠶᠠᠨ ᠷᠦᠢ ᠺᠠᠶ᠂ ᠬᠢᠯᠢ ᠶᠢᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠰᠦᠨ ᠶᠠᠨ ᠵᠢᠶᠦ᠋ᠨ᠂ ᠤᠯᠤᠰ ᠲᠥᠷᠥ ᠶᠢᠨ ᠭᠠᠵᠠᠷ ᠤᠨ ᠳᠡᠳ᠋ ᠡᠷᠬᠢᠯᠡᠭᠴᠢ ᠵᠠᠩ ᠮᠢᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠂ ᠰᠣᠨᠢᠨ ᠮᠡᠳᠡᠭᠡ ᠨᠡᠶᠢᠲᠡᠯᠡᠬᠦ ᠬᠤᠷᠠᠯ ᠢ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠣᠨᠢᠨ ᠮᠡᠳᠡᠭᠡ ᠤᠬᠠᠭᠤᠯᠬᠤ ᠭᠠᠵᠠᠷ ᠤᠨ ᠳᠠᠷᠤᠭ᠎ᠠ ᠶᠠᠨ ᡁᠢ ᠵᠥᠩ ᠡᠷᠭᠢᠯᠡᠪᠡ᠃     2019 ᠣᠨ ᠤ 1 ᠰᠠᠷ᠎ᠠ ᠶᠢᠨ 1 ᠤ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠥᠭᠡᠷᠡᠴᠢᠯᠡᠯᠲᠡ ᠬᠢᠵᠦ ᠴᠠᠭᠳᠠᠭ᠎ᠠ ᠶᠢᠨ ᠡᠩᠨᠡᠭᠡ ᠳᠤ ᠬᠠᠷᠢᠶᠠᠯᠠᠭᠳᠠᠭᠰᠠᠨ ᠠᠴᠠ ᠨᠠᠭᠠᠰᠢ᠂ ᠪᠥᠬᠦ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠨᠠᠷ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠶᠢᠨ ᠳᠣᠤᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠢᠯᠢ ᠶᠢᠨ ᠪᠣᠭᠤᠮᠲᠠ ᠬᠢᠯᠢ ᠶᠢ ᠬᠠᠮᠢᠶᠠᠷᠤᠨ ᠡᠵᠡᠮᠳᠡᠬᠦ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠵᠡᠷᠭᠡ ᠭᠤᠤᠯᠳᠠᠯᠭ᠎ᠠ ᠲᠠᠢ ᠠᠵᠢᠯ ᠳᠤ ᠢᠳᠡᠪᠬᠢᠲᠡᠶ ᠣᠷᠣᠯᠴᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠠᠯ᠎ᠠ ᠪᠠᠷ᠂ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠯᠠᠨ ᠤᠯᠤᠰ ᠤᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶ ᠴᠢᠩᠭᠠᠳᠬᠠᠨ᠂ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠦᠭᠯᠡᠭᠦᠷ ᠢ ᠨᠡᠶᠢᠲᠡᠯᠡᠬᠦ᠂ ᠣᠷᠣᠰ ᠮᠣᠩᠭᠤᠯ ᠤᠨ ᠬᠢᠯᠢ ᠶᠢᠨ ᠠᠭᠤᠯᠵᠠᠯᠲᠠ ᠬᠢᠬᠦ ᠪᠠ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠣᠭᠤᠮᠲᠠ ᠶᠢᠨ ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠡᠯ᠎ᠡ ᠵᠦᠢᠯ ᠤᠨ ᠠᠵᠢᠯ ᠢ  ᠨᠠᠶᠢᠳᠠᠪᠤᠷᠢᠵᠢᠭᠤᠯᠬᠤ ᠶᠢ ᠪᠠᠲᠤᠯᠠᠪᠠ᠃    ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ᠂ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠢ ᠠᠩᠬᠢ ᠶᠢᠨ ᠬᠢᠨ ᠤᠬᠠᠮᠰᠠᠷ ᠠᠴᠠ ᠪᠠᠨ ᠬᠢᠯᠢ ᠶᠢᠨ ᠬᠠᠮᠢᠶᠠᠷᠤᠯᠲᠠ ᠡᠵᠡᠮᠳᠡᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ᠂ ᠪᠡᠭᠡᠵᠢᠩ ᠤᠨ ᠡᠪᠦᠯ ᠤᠨ ᠣᠯᠢᠮᠫᠢᠺ ᠤᠨ ᠴᠤᠭᠯᠠᠭᠠᠨ ᠪᠣᠯᠤᠨ ᠡᠪᠦᠯ ᠤᠨ ᠵᠡᠮᠳᠡᠭᠴᠦᠳ ᠤᠨ ᠣᠯᠢᠮᠫᠢᠺ ᠤᠨ ᠴᠤᠭᠯᠠᠭᠠᠨ ᠤ ᠠᠮᠤᠷ ᠢ ᠬᠠᠮᠠᠭᠠᠯᠠᠬᠤ ᠪᠠᠷ ᠭᠤᠣᠯ ᠪᠣᠯᠭᠠᠨ᠂ ︽ᠥᠴᠦᠬᠡᠨ ᠴᠦ ᠠᠯᠳᠠᠰᠢ ᠪᠠᠶᠢᠬᠤ ᠦᠭᠡᠢ ᠮᠦᠷᠳᠡᠬᠡᠨ ᠨᠢᠭᠡ ᠴᠦ ᠠᠯᠳᠠᠭ᠎ᠠ ᠭᠠᠷᠭᠠᠬᠤ ᠦᠭᠡᠢ︾ ᠪᠠᠷᠢᠮᠵᠢᠶ᠎ᠠ ᠪᠣᠯᠤᠨ ︽ᠨᠠᠷᠢᠨ ᠨᠢᠮᠪᠠᠢ᠂ ᠨᠠᠷᠢᠯᠢᠭ ᠰᠠᠶᠢᠨ᠂ ᠣᠬᠢ ᠪᠣᠯᠪᠠᠰᠤᠷᠠᠯ︾ ᠰᠤᠷᠲᠠᠯ ᠢ ᠪᠠᠷᠢᠮᠲᠠᠯᠠᠵᠤ᠂ ᠠᠮᠤᠷ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠠᠬᠢᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠪᠡ᠃    ᠴᠠᠭᠳᠠᠭᠠᠨ ᠶᠠᠪᠤᠳᠠᠯ ᠤᠨ ᠦᠢᠯᠡᠴᠢᠯᠡᠭᠡᠨ ᠤ ᠲᠣᠭᠲᠠᠴᠠ ᠶᠢᠨ ᠲᠠᠯ᠎ᠠ ᠪᠠᠷ᠂ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠬᠢᠨ ᠠᠵᠢᠯ ᠤᠨ ᠵᠠᠭᠪᠤᠷ ᠪᠣᠯᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠴᠢᠬᠤᠯᠠ ᠪᠦᠬᠦᠢ ᠪᠠᠶᠢᠩᠭᠤᠵᠢᠬᠰᠠᠨ ᠠᠵᠢᠯ ᠢ ᠥᠷᠨᠢᠭᠦᠯᠬᠦ ᠠᠴᠠ ᠭᠠᠳᠠᠨ᠎ᠠ᠂ ︽  ᠲᠠᠲᠠᠵᠤ ᠡᠯᠭᠦᠬᠦ︾᠂ ︽ᠳᠡᠭᠦᠵᠢᠯᠡᠨ ᠤᠭᠰᠠᠷᠠᠬᠤ︾᠂ ︽ᠰᠣᠯᠢᠵᠤ ᠰᠠᠭᠤᠬᠤ︾᠂ ︽ᠬᠠᠷᠢᠯᠴᠠᠨ ᠦᠯᠦ ᠭᠠᠷᠬᠤ᠂ ᠪᠢᠲᠡᠭᠦᠮᠵᠢᠯᠡᠬᠦ ᠬᠠᠭᠤᠳᠠᠰᠤ ᠶᠢ ᠬᠠᠷᠢᠯᠴᠠᠨ ᠮᠡᠳᠡᠷᠡᠬᠦ︾᠂ ︽  ᠰᠣᠷᠢᠨᠵᠢᠨᠲᠤ ᠪᠢᠲᠡᠭᠦᠮᠵᠢ︾ ᠵᠡᠷᠭᠡ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠨ ᠰᠢᠯᠭᠠᠬᠤ ᠦᠯᠦ ᠬᠦᠷᠦᠯᠴᠡᠬᠦ ᠬᠡᠯᠪᠡᠷᠢ ᠶᠢᠨ ᠵᠠᠭᠪᠤᠷ ᠢ ᠬᠡᠷᠡᠭᠵᠢᠭᠦᠯᠵᠦ᠂ 46.1 ᠲᠦᠮᠡᠨ ᠬᠥᠮᠦᠨ ᠤᠳᠠᠭ᠎ᠠ ᠶᠢᠨ ᠠᠴᠢᠶ᠎ᠠ ᠲᠡᠭᠡᠭᠡᠪᠦᠷᠢ ᠶᠢᠨ ᠠᠵᠢᠯᠳᠠᠨ᠂ 31 ᠲᠦᠮᠡᠨ ᠤᠳᠠᠭ᠎ᠠ ᠪᠠᠷᠠᠭ᠎ᠠ ᠳᠡᠭᠡᠭᠡᠪᠦᠷᠢᠯᠡᠯᠲᠡ ᠶᠢᠨ ᠮᠠᠰᠢᠨ ᠲᠡᠷᠭᠡ᠂ 6000 ᠭᠠᠷᠤᠢ ᠤᠳᠠᠭ᠎ᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠳᠤ ᠪᠣᠭᠤᠮᠲᠠ ᠥᠩᠭᠡᠷᠡᠬᠦ ᠳᠥᠭᠦᠮ ᠳᠥᠲᠡ ᠦᠢᠯᠡᠴᠢᠯᠡᠭᠡ ᠬᠠᠩᠭᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠦᠬᠦ ᠪᠥᠮᠪᠥᠷᠴᠡᠭ ᠤᠨ ᠬᠢᠵᠢᠭ ᠳᠡᠯᠭᠡᠷᠡᠭᠰᠡᠨ ᠠᠬᠤᠢ ᠪᠠᠶᠢᠳᠠᠯ ᠳᠣᠣᠷ᠎ᠠ ᠰᠥᠷᠭᠡᠦ ᠨᠡᠮᠡᠭᠳᠡᠯ ᠢ 16% ᠰᠢᠬᠠᠮ ᠢᠶᠠᠷ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠡᠭᠦᠨ ᠠᠴᠠ ᠭᠠᠳᠠᠨ᠎ᠠ᠂ ᠪᠣᠭᠤᠮᠲᠠ ᠶᠢᠨ ᠴᠢᠳᠠᠮᠵᠢ ᠶᠢ ᠥᠷᠭᠡᠳᠬᠡᠨ ᠲᠠᠰ ᠳᠡᠪᠰᠢᠭᠦᠯᠬᠦ ᠶᠢ ᠢᠳᠡᠪᠬᠢᠲᠡᠶ ᠳᠡᠮᠵᠢᠵᠦ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠰᠠᠯᠪᠤᠷᠢ ᠡᠭᠡᠯᠵᠢ ᠶᠢᠨ ᠨᠢᠰᠬᠡᠯ ᠤᠨ ᠦᠢᠯᠡᠴᠢᠯᠡᠭᠡ ᠶᠢ ᠥᠨᠳᠥᠷ ᠪᠠᠷᠢᠮᠵᠢᠶ᠎ᠠ ᠪᠠᠷ ᠪᠠᠲᠤᠯᠠᠵᠤ᠂ ᠰᠠᠭᠠᠳ ᠥᠬᠡᠶ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠤᠯᠤᠰ ᠲᠥᠷᠥ᠂ ᠠᠵᠤ ᠠᠬᠤᠶ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠪᠠ᠃    ᠡᠩᠨᠡᠭᠡᠨ ᠤ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠲᠠᠯ᠎ᠠ ᠪᠠᠷ᠂ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠬᠢᠨ ᠤᠯᠤᠰ ᠲᠥᠷᠥ ᠪᠠᠷ ᠴᠠᠭᠳᠠᠭ᠎ᠠ ᠪᠠᠶᠢᠭᠤᠯᠵᠤ ᠪᠦᠬᠦ ᠲᠠᠯ᠎ᠠ ᠪᠠᠷ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠡᠩᠨᠡᠭᠡᠨ ᠤ ᠬᠥᠮᠦᠵᠢᠯ ᠴᠡᠭᠴᠡᠯᠡᠯᠲᠡ ᠶᠢ ᠪᠣᠳᠠᠲᠠᠶ ᠠᠳᠬᠤᠵᠤ᠂ ᠤᠨᠤᠯ ᠤᠨ ᠭᠤᠣᠯ ᠳᠤᠭᠤᠶᠢᠯᠠᠩ ᠤᠨ︽ᠪᠢᠴᠢᠯ ᠬᠢᠴᠢᠶᠡᠯ ᠤᠨ ᠲᠠᠩᠬᠢᠮ︾᠂ ︽ᠲᠠᠨᠢᠯᠴᠠᠭᠤᠯᠤᠨ ᠤᠩᠰᠢᠭᠤᠯᠵᠤ ᠬᠤᠪᠢᠶᠠᠨ ᠡᠳ᠋ᠯᠡᠬᠦ︾᠂ ︽ᠲᠣᠭᠤᠷᠢᠨ ᠪᠠᠶᠢᠴᠠᠭᠠᠵᠤ ᠰᠤᠯᠠ ᠰᠣᠨᠣᠰᠬᠤ︾᠂︽ᠸᠢᠳᠢᠣ᠋ ᠪᠠᠷ ᠰᠢᠯᠵᠢᠭᠦᠯᠦᠨ ᠦᠵᠡᠬᠦ︾ ᠳᠦᠷᠪᠡᠨ ᠵᠦᠢᠯ ᠤᠨ ᠰᠤᠷᠤᠯᠴᠠᠬᠤ ᠳᠦᠷᠢᠮ ᠢ ᠰᠢᠨ᠎ᠡ ᠶᠢ ᠡᠭᠦᠳᠴᠦ ᠬᠡᠷᠡᠭᠵᠢᠭᠦᠯᠪᠡ᠃ ︽ᠨᠠᠮ ᠤᠨ ᠬᠤᠷᠢᠶᠠᠨ ᠤ ᠡᠮᠦᠨ᠎ᠡ ᠹᠷᠣᠨᠲ ᠤᠨ ᠠᠵᠢᠯᠯᠠᠬᠤ ᠠᠷᠭ᠎ᠠ︾ ᠶᠢ ᠰᠢᠨ᠎ᠡ ᠪᠠᠷ ᠡᠭᠦᠳᠦᠨ ᠨᠡᠶᠢᠲᠡᠯᠡᠵᠦ ᠪᠦᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠳᠤ ᠬᠠᠪᠢᠳᠠᠭᠤᠯᠤᠭᠰᠠᠨ ᠪᠣᠯᠪᠠᠰᠤᠷᠠᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠴᠠᠭᠳᠠᠭ᠎ᠠ ᠶᠢ ᠳᠤᠯᠠᠭᠠᠯᠠᠵᠤ ᠴᠠᠭᠳᠠᠭ᠎ᠠ ᠶᠢ ᠬᠠᠶᠢᠷᠠᠯᠠᠬᠤ ᠢᠨᠵᠧᠨᠧᠷᠢᠩ ᠢ ᠭᠦᠨᠵᠡᠭᠡᠶ ᠠᠬᠢᠭᠤᠯᠵᠤ᠂ ᠢᠯᠠᠩᠭᠤᠶ᠎ᠠ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠲᠠᠯ᠎ᠠ ᠪᠠᠷ᠂ ᠲᠤᠬᠠᠶ ᠶᠢᠨ ᠲᠠᠯᠠᠪᠤᠷ ᠤᠨ ᠠᠬᠢᠭᠤᠯᠬᠤ ᠬᠤᠷᠠᠯ ᠬᠤᠷᠠᠯᠳᠤᠭᠤᠯᠬᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠬᠢᠨᠠᠨ ᠰᠢᠯᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ᠂ ᠬᠢᠯᠢ ᠶᠢᠨ ᠪᠣᠭᠤᠮᠲᠠ ᠶᠢᠨ ᠪᠣᠰᠤᠭ᠎ᠠ ᠴᠣᠭᠴᠠᠲᠤ ᠡᠭᠦᠷᠭᠡ ᠴᠢᠳᠠᠪᠤᠷᠢ ᠶᠢᠨ ᠬᠠᠮᠢᠶᠠᠷᠤᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠶ ᠠᠩᠭᠢ ᠶᠢ ︽ᠳᠥᠷᠪᠡᠨ ᠣᠳᠣᠬᠢᠴᠢᠯᠠᠯᠲᠠ︾ ᠶᠢᠨ ᠪᠠᠶᠢᠭᠤᠯᠤᠯᠲᠠ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯ᠂ ᠴᠠᠭᠳᠠᠭᠠᠨ ᠤ ᠶᠠᠪᠤᠳᠠᠯ ᠤᠨ ᠠᠵᠢᠯ ᠵᠡᠷᠭᠡ ᠲᠠᠯ᠎ᠠ ᠪᠠᠷ ᠶᠡᠬᠡᠬᠡᠨ ᠳᠠᠪᠰᠢᠯᠲᠠ ᠲᠠᠢ ᠪᠣᠯᠭᠠᠪᠠ᠃    ᠲᠤᠬᠠᠶ ᠶᠢᠨ ᠲᠠᠯᠠᠪᠤᠷ ᠤᠨ ᠠᠰᠠᠭᠤᠯᠲᠠ ᠶᠢᠨ ᠭᠤᠭᠴᠤᠭ᠎ᠠ ᠳᠤ᠂ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾ ᠠᠵᠢᠯ ᠢ ᠰᠠᠶᠢᠲᠤᠷ ᠬᠢᠬᠦ᠂ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠪᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ᠂ ᠦᠨᠳᠦᠰᠦᠨ ᠱᠠᠲᠤᠨ ᠳᠤ ᠪᠣᠳᠠᠲᠠᠶ ᠶᠠᠪᠤᠳᠠᠯ ᠬᠢᠵᠦ ᠥᠭᠬᠦ ᠵᠡᠷᠭᠡ ᠲᠠᠯ᠎ᠠ ᠪᠠᠷ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ 
ᠢᠷᠡᠯᠲᠡ᠄ ᠥᠪᠦᠷ ᠮᠤᠩᠭᠤᠯ ᠤᠨ ᠲᠣᠳᠤᠭᠠᠳᠤ ᠶᠢ ᠬᠠᠮᠠᠭᠠᠯᠠᠬᠤ ᠲᠢᠩᠬᠢᠮ