ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭ᠎ᠠ ᠶᠢᠨ ᠶᠡᠭᠡ ᠠᠩᠭᠢ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠬᠦ ᠮᠡᠳᠡᠯᠭᠡ ᠶᠢ ᠤᠬᠠᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2022/5/12
     5 ᠰᠠᠷ᠎ᠠ ᠶᠢᠨ 5 ᠤ ᠦᠳᠡ ᠶᠢᠨ ᠡᠮᠦᠨ᠎ᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾︵ᠳᠥᠭᠦᠮᠴᠢᠯᠡᠭᠡᠳ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠭᠡᠳᠡᠭ︶ ᠶᠢ ᠤᠯᠠᠮ ᠨᠢᠭᠡ ᠠᠯᠬᠤᠮ ᠲᠦᠭᠡᠮᠡᠯᠵᠢᠭᠦᠯᠬᠦ᠂ ᠣᠯᠠᠨ ᠨᠡᠶᠢᠲᠡ ᠳᠤ ᠰᠦᠷᠳᠡᠭᠦᠯᠦᠯ ᠢ ᠡᠰᠡᠷᠭᠦᠴᠡᠬᠦ ᠨᠡᠶᠢᠭᠡᠮ ᠤᠨ ᠬᠠᠷᠢᠭᠤᠴᠠᠯᠭ᠎ᠠ ᠶᠢ ᠤᠶᠢᠯᠠᠭᠠᠭᠤᠯᠬᠤ᠂ ᠰᠦᠷᠳᠡᠭᠦᠯᠦᠯ ᠢ ᠡᠰᠡᠷᠭᠦᠴᠡᠬᠦ ᠰᠦᠷᠳᠡᠭᠦᠯᠦᠯ ᠢ ᠰᠡᠷᠭᠡᠶᠢᠯᠡᠬᠦ ᠤᠬᠠᠮᠰᠠᠷ ᠢ ᠨᠢ ᠨᠡᠮᠡᠭᠳᠡᠭᠦᠯᠬᠦ᠂ ᠰᠦᠷᠳᠡᠭᠦᠯᠦᠯ ᠳᠤ ᠬᠤᠯᠪᠣᠭᠳᠠᠭᠰᠠᠨ ᠠᠶᠤᠯ ᠲᠦᠭᠰᠢᠭᠦᠷᠢ ᠶᠢ ᠴᠠᠭ ᠲᠤᠬᠠᠢ ᠳᠤ ᠨᠢ ᠮᠠᠭᠠᠳᠯᠠᠬᠤ᠂ ᠰᠦᠷᠳᠡᠭᠦᠯᠦᠯ ᠳᠤ ᠬᠤᠯᠪᠣᠭᠳᠠᠭᠰᠠᠨ ᠠᠶᠤᠯ ᠲᠦᠭᠰᠢᠭᠦᠷᠢ ᠠᠴᠠ ᠪᠦᠲᠦᠮᠵᠢᠲᠡᠢ ᠵᠠᠶᠢᠯᠠᠬᠤ᠂ ᠰᠦᠷᠳᠡᠭᠦᠯᠦᠯ ᠢ ᠡᠰᠡᠷᠭᠦᠴᠡᠬᠦ ᠮᠡᠳᠡᠯᠭᠡ ᠶᠢ ᠪᠣᠯᠪᠠᠰᠤᠷᠠᠩᠭᠤᠢ ᠡᠵᠡᠮᠰᠢᠬᠦ᠂ ᠲᠤᠰ ᠪᠡᠶ᠎ᠡ ᠶᠢᠨ ᠬᠠᠮᠠᠭᠠᠯᠠᠯᠲᠠ ᠶᠢᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ᠂ ᠤᠯᠠᠨ ᠲᠦᠮᠡᠨ ᠤ ᠰᠦᠷᠳᠡᠭᠦᠯᠦᠯ ᠢ ᠡᠰᠡᠷᠭᠦᠴᠡᠬᠦ ᠰᠦᠷᠳᠡᠭᠦᠯᠦᠯ ᠢ ᠰᠡᠷᠭᠡᠶᠢᠯᠡᠬᠦ ᠳᠤ ᠣᠷᠣᠯᠴᠠᠬᠤ ᠤᠷᠮ᠎ᠠ ᠵᠣᠷᠢᠭ ᠢ ᠬᠦᠭᠵᠢᠭᠡᠬᠦ ᠶᠢᠨ ᠲᠥᠯᠥᠭᠡ᠂ ᠤᠯᠠᠭᠠᠨᠬᠠᠳᠠ ᠬᠤᠳᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠨ ᠪᠠᠶᠢᠴᠠᠭᠠᠬᠤ ᠴᠠᠭᠳᠠᠭ᠎ᠠ ᠶᠢᠨ ᠶᠡᠭᠡ ᠠᠩᠬᠢ ᠶᠢᠨ ᠬᠢᠨ ᠬᠠᠷᠢᠶ᠎ᠠ ᠣᠷᠣᠨ ᠳᠤ ᠪᠠᠨ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
微信图片_20220507091234.jpg   
      ᠲᠤᠰ ᠤᠳᠠᠭᠠᠨ ᠤ ᠠᠵᠢᠯᠯᠠᠭ᠎ᠠ ᠨᠢ ᠰᠦᠷᠳᠡᠭᠦᠯᠬᠦ ᠦᠵᠡᠯ ᠤᠨ ᠬᠤᠣᠷ ᠬᠥᠨᠥᠭᠡᠯ ᠢ ᠤᠬᠠᠭᠤᠯᠬᠤ᠂ ᠬᠦᠴᠦᠷᠬᠡᠭᠯᠡᠯ ᠰᠦᠷᠳᠡᠭᠦᠯᠦᠯ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ᠂ ᠰᠦᠷᠳᠡᠭᠦᠯᠦᠯ ᠢ ᠡᠰᠡᠷᠭᠦᠴᠡᠬᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠠᠶᠢᠯᠪᠤᠷᠢᠯᠠᠬᠤ ᠪᠠᠷ ᠭᠤᠣᠯᠳᠠᠯᠭ᠎ᠠ ᠪᠣᠯᠭᠠᠵᠤ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠶᠡᠭᠡ ᠠᠩᠭᠢ ᠶᠢᠨ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠬᠠᠷᠢᠶ᠎ᠠ ᠣᠷᠣᠨ ᠤ ᠭᠤᠣᠯ ᠵᠡᠭᠡᠯᠢ ᠭᠤᠳᠤᠮᠵᠢ ᠪᠠᠷ ᠬᠥᠨᠳᠡᠯᠡᠨ ᠪᠢᠴᠢᠭᠡᠰᠦ ᠡᠯᠭᠦᠵᠦ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠭᠠᠵᠠᠷ ᠲᠤ ᠤᠬᠠᠭᠤᠯᠭ᠎ᠠ ᠶᠢᠨ ᠭᠠᠷ ᠳᠡᠪᠲᠡᠷ᠂ ᠥᠩᠭᠡᠲᠦ ᠬᠠᠭᠤᠳᠠᠰᠤ᠂ ᠤᠬᠠᠭᠤᠯᠭ᠎ᠠ ᠶᠢᠨ ᠬᠠᠭᠤᠳᠠᠰᠤ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ ᠵᠡᠷᠭᠡ ᠬᠡᠯᠪᠡᠷᠢ ᠪᠠᠷ᠂ ᠰᠦᠷᠳᠡᠭᠦᠯᠦᠯ ᠢ ᠡᠰᠡᠷᠭᠦᠴᠡᠬᠦ ᠶᠡᠷᠦ ᠶᠢᠨ ᠮᠡᠳᠡᠯᠭᠡ ᠶᠢ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠵᠦ᠂ ᠲᠤᠬᠠᠶ ᠶᠢᠨ ᠲᠠᠯᠠᠪᠠᠶ ᠳᠤ ᠣᠯᠠᠨ ᠲᠦᠮᠡᠨ ᠤ ᠯᠠᠪᠯᠠᠯᠲᠠ ᠶᠢ ᠭᠥᠯᠢᠶᠡᠨ ᠠᠪᠴᠤ᠂ ᠣᠯᠠᠨ ᠲᠦᠮᠡᠨ ᠤ ᠠᠰᠠᠭᠤᠯᠲᠠ ᠶᠢ ᠬᠠᠷᠢᠭᠤᠯᠵᠤ᠂ ᠪᠥᠬᠦ ᠬᠤᠰᠢᠭᠤᠨ ᠤ ᠠᠷᠠᠳ ᠲᠦᠮᠡᠨ ᠳᠤ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠶᠢᠨ ᠪᠣᠳᠠᠲᠠᠶ ᠬᠤᠤᠷ ᠬᠥᠨᠥᠭᠡᠯ ᠢ ᠲᠣᠳᠣᠷᠬᠠᠶ ᠲᠠᠨᠢᠭᠤᠯᠵᠤ᠂ ᠤᠬᠠᠮᠰᠠᠷ ᠠᠴᠠ ᠪᠠᠨ ᠰᠦᠷᠳᠡᠭᠦᠯᠬᠦ ᠦᠵᠡᠯ ᠤᠨ ᠦᠢᠯᠡ ᠠᠵᠢᠯᠯᠠᠭ᠎ᠠ ᠲᠠᠢ ᠡᠷᠡᠰ ᠲᠡᠮᠡᠴᠡᠯ ᠬᠢᠬᠦ ᠶᠢ ᠰᠠᠨᠠᠭᠤᠯᠵᠤ ᠪᠠᠶᠢᠨ᠎ᠠ᠃
微信图片_20220507091258.jpg   
      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ 200 ᠭᠠᠷᠤᠶ ᠬᠤᠪᠢ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠵᠤ᠂ 10 ᠵᠤᠷᠪᠤᠰ ᠡᠯᠭᠦᠭᠡ ᠪᠢᠴᠢᠭᠡᠰᠦ ᠡᠯᠭᠦᠵᠦ᠂ LED ᠳᠡᠯᠭᠡᠴᠡ ᠶᠢ 50 ᠭᠠᠷᠤᠶ ᠤᠳᠠᠭ᠎ᠠ ᠡᠷᠭᠢᠯᠳᠦᠭᠦᠯᠦᠨ ᠨᠡᠪᠲᠡᠷᠡᠭᠦᠯᠵᠦ᠂ ᠣᠯᠠᠨ ᠲᠦᠮᠡᠨ ᠤ ᠯᠠᠪᠯᠠᠯᠲᠠ ᠶᠢᠨ ᠲᠤᠬᠠᠶ 10 ᠭᠠᠷᠤᠶ ᠬᠥᠮᠦᠨ ᠤᠳᠠᠭ᠎ᠠ ᠶᠢᠨ ᠠᠰᠠᠭᠤᠯᠲᠠ ᠳᠤ ᠬᠠᠷᠢᠭᠤᠯᠲᠠ ᠥᠭᠴᠡᠶ᠃      ᠲᠣᠰ ᠤᠳᠠᠭᠠᠨ ᠤ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠪᠣᠯ ᠣᠩᠨᠢᠭᠤᠳ ᠬᠤᠰᠢᠭᠤᠨ ᠤ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠤᠭᠰᠠᠨ ᠤ ᠪᠣᠳᠠᠲᠠᠶ ᠢᠯᠡᠷᠡᠯ ᠮᠥᠨ᠂ ᠤᠬᠠᠭᠤᠯᠭ᠎ᠠ ᠪᠠᠷ ᠳᠠᠮᠵᠢᠭᠤᠯᠤᠨ ᠠᠷᠠᠳ ᠣᠯᠠᠨ ᠳᠤ ᠰᠦᠷᠳᠡᠭᠦᠯᠦᠯ ᠢ ᠡᠰᠡᠷᠭᠦᠴᠡᠬᠦ ᠶᠡᠷᠦ ᠶᠢᠨ ᠮᠡᠳᠡᠯᠭᠡ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠰᠦᠷᠳᠡᠭᠦᠯᠦᠯ ᠢ ᠰᠡᠷᠭᠡᠶᠢᠯᠡᠬᠦ ᠤᠬᠠᠮᠰᠠᠷ ᠢ ᠨᠢ ᠨᠡᠮᠡᠭᠳᠡᠭᠦᠯᠦᠨ᠂ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠬᠠᠤ ᠴᠢᠳᠠᠪᠤᠷᠢ ᠶᠢ ᠡᠵᠡᠮᠰᠢᠭᠦᠯᠵᠦ᠂ ᠡᠯ᠎ᠡ ᠲᠥᠷᠥᠯ ᠤᠨ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠶᠢ ᠠᠷᠭᠠᠴᠠᠨ ᠰᠢᠢᠳᠪᠦᠷᠢᠯᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠥᠬᠦ ᠠᠷᠠᠳ ᠢᠶᠠᠷ ᠢᠶᠠᠨ ᠰᠦᠷᠳᠡᠭᠦᠯᠦᠯ ᠢ ᠡᠰᠡᠷᠭᠦᠴᠡᠬᠦ ᠰᠦᠷᠳᠡᠭᠦᠯᠦᠯ ᠢ ᠰᠡᠷᠭᠡᠶᠢᠯᠡᠬᠦ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠪᠠᠲᠤᠯᠠᠭ᠎ᠠ ᠬᠠᠩᠭᠠᠨ᠎ᠠ᠃︵ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠧᠤ ᠬᠠᠶ ᠮᠸᠢ ᠮᠡᠳᠡᠭᠡᠯᠡᠪᠡ︶
ᠢᠷᠡᠯᠲᠡ᠄ ᠤᠯᠠᠭᠠᠨᠬᠠᠳᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ