ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ | ᠲᠥᠯᠥᠭᠡ᠂ ᠣᠶᠢᠷ᠎ᠠ ᠳᠤ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ | ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ ᠶᠢᠨ ᠬᠢᠨ ᠪᠥᠬᠦ ᠴᠠᠭᠳᠠᠭ᠎ᠠ ᠪᠠᠨ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠴᠠᠭᠳᠠᠭᠠᠨ ᠤ ᠶᠠᠪᠤᠳᠠᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠪᠡ᠃ | | | | ᠲᠣᠰ ᠤᠳᠠᠭᠠᠨ ᠤ ᠪᠤᠯᠪᠠᠰᠤᠷᠠᠯ ᠨᠢ ᠣᠨᠴᠠ ᠲᠥᠷᠦᠯ ᠤᠨ ᠴᠠᠭᠳᠠᠭᠠᠨ ᠤ ᠠᠩᠭᠢ ᠶᠢᠨ ᠴᠠᠭᠳᠠᠭᠠᠨ ᠤ ᠶᠠᠪᠤᠳᠠᠯ ᠤᠨ ᠤᠷ᠎ᠠ ᠴᠢᠳᠠᠪᠤᠷᠢ ᠶᠢ | ᠴᠢᠩᠭᠠᠳᠬᠠᠬᠤ ᠪᠠᠷ ᠭᠤᠤᠯᠳᠠᠯᠭ᠎ᠠ ᠪᠣᠯᠭᠠᠵᠤ᠂ ᠠᠵᠢᠯ ᠤᠨ ᠪᠠᠶᠢᠷᠢ ᠶᠢᠨ ᠪᠣᠯᠪᠠᠰᠤᠷᠠᠯ᠂ ᠴᠣᠬᠢᠯᠲᠠ ᠥᠭᠬᠦ ᠪᠠ ᠰᠡᠷᠭᠡᠶᠢᠯᠡᠬᠦ ᠶᠢ ᠤᠶᠠᠯᠳᠤᠭᠤᠯᠬᠤ᠂ ᠬᠦᠴᠦᠷᠬᠡᠭᠯᠡᠯ ᠢ | ᠰᠡᠷᠭᠡᠶᠢᠯᠡᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠡᠳᠦᠷ ᠲᠤᠲᠤᠮ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠵᠡᠪᠰᠡᠭ ᠬᠡᠷᠡᠭᠯᠡᠬᠦ ᠦᠭᠡᠢ ᠪᠠᠷ ᠰᠡᠷᠭᠡᠶᠢᠯᠡᠨ ᠬᠠᠮᠠᠭᠠᠯᠠᠬᠤ ᠪᠠ ᠡᠵᠡᠮᠳᠡᠬᠦ ᠵᠡᠷᠭᠡ ᠬᠢᠴᠢᠶᠡᠯ ᠲᠥᠷᠥᠯ ᠤᠨ ᠪᠣᠯᠪᠠᠰᠤᠷᠠᠯ ᠤᠨ ᠠᠵᠢᠯᠯᠠᠭ᠎ᠠ ᠶᠢ | ᠭᠤᠤᠯᠳᠠᠯᠭ᠎ᠠ ᠲᠠᠢ ᠥᠷᠨᠢᠭᠦᠯᠪᠡ᠃ ᠡᠭᠦᠨ ᠤ ᠬᠠᠮᠲᠤ᠂ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠯ ᠬᠢᠬᠦ ᠶᠢ ᠴᠢᠬᠤᠯᠠᠴᠢᠯᠠᠵᠤ᠂ ᠴᠠᠭᠳᠠᠭᠠᠨ ᠤ ᠶᠠᠪᠤᠳᠠᠯ ᠤᠨ ᠪᠣᠳᠠᠲᠤ | ᠪᠠᠶᠢᠯᠳᠤᠭᠠᠨ ᠤ ᠰᠤᠷᠭᠠᠭᠴᠢ ᠯᠢᠦᠶ ᠵᠢᠩ ᠯᠦᠩ ᠵᠢᠱᠢᠶ᠎ᠡ ᠦᠵᠡᠭᠦᠯᠦᠨ ᠪᠣᠯᠪᠠᠰᠤᠷᠠᠯ ᠢ ᠳᠠᠭᠠᠭᠤᠯᠵᠤ᠂ ︽ᠣᠨᠣᠯ ᠤᠨ ᠲᠠᠶᠢᠯᠤᠮᠵᠢ ᠬᠢᠬᠦ᠂ ᠬᠥᠳᠡᠯᠦᠯ ᠤᠨ ᠵᠢᠱᠢᠶ᠎ᠡ | ᠦᠵᠡᠭᠦᠯᠬᠦ᠂ ᠬᠤᠪᠢ ᠬᠥᠮᠦᠨ ᠤ ᠣᠶᠢᠯᠠᠭᠠᠯᠲᠠ︾ ᠶᠢᠨ ᠪᠣᠯᠪᠠᠰᠤᠷᠠᠯ ᠪᠠ ᠵᠢᠭᠠᠨ ᠰᠤᠷᠭᠠᠯᠲᠠ ᠶᠢᠨ ᠰᠡᠳᠬᠢᠮᠵᠢ ᠪᠠᠷ ᠪᠣᠯᠪᠠᠰᠤᠷᠠᠯ ᠤᠨ ᠬᠢᠷᠢ ᠲᠦᠪᠰᠢᠨ ᠢ | ᠳᠡᠭᠡᠭᠰᠢᠯᠡᠭᠦᠯᠵᠦ᠂ ᠪᠣᠯᠪᠠᠰᠤᠷᠠᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠠᠳᠤᠯᠠᠪᠠ᠃ | | | | ᠪᠣᠯᠪᠠᠰᠤᠷᠠᠯ ᠤᠨ ᠶᠠᠪᠤᠴᠠ ᠳᠤ᠂ ᠴᠠᠭᠳᠠᠭ᠎ᠠ ᠨᠠᠷ ᠲᠥᠪ ᠴᠢᠩᠭ᠎ᠠ ᠨᠠᠷᠢᠨ ᠬᠢᠨᠠᠮᠠᠭᠠᠶ᠂ ᠴᠤᠭ ᠵᠢᠪᠬᠤᠭ᠎ᠠ ᠲᠡᠭᠦᠯᠳᠡᠷ᠂ ᠣᠮᠤᠭ ᠰᠦᠷ ᠪᠠᠳᠠᠷᠠᠭᠤᠨ᠂ | ᠬᠥᠳᠡᠯᠦᠯ ᠪᠠᠷᠢᠯ ᠨᠢ ᠳᠦᠷᠢᠮᠵᠢᠯ ᠲᠠᠢ ᠪᠠᠶᠢᠵᠤ᠂ ᠰᠢᠯᠢᠳᠡᠭ ᠰᠠᠶᠢᠨ ᠪᠣᠯᠪᠠᠰᠤᠷᠠᠯ ᠤᠨ ᠰᠤᠷᠲᠠᠯ ᠪᠠ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠦᠭᠰᠡᠨ | ᠪᠠᠶᠢᠨ᠎ᠠ᠃ | ᠪᠣᠯᠪᠠᠰᠤᠷᠠᠯ ᠢᠶᠠᠷ ᠳᠠᠮᠵᠢᠨ᠂ ︽ ᠪᠣᠯᠪᠠᠰᠤᠷᠠᠯ ᠨᠢ ᠳᠠᠶᠢᠨ ᠪᠠᠶᠢᠯᠳᠤᠭᠠᠨ ᠪᠡᠯᠡᠳᠭᠡᠬᠦ ᠪᠠ ᠲᠠᠶᠢᠨ ᠪᠠᠶᠢᠯᠳᠤᠭᠠᠨ ᠪᠣᠯᠪᠠᠰᠤᠷᠠᠯ ᠢ ᠨᠢᠭᠡᠳᠬᠡᠬᠦ︾ | ᠪᠣᠯᠪᠠᠰᠤᠷᠠᠯ ᠤᠨ ᠵᠣᠷᠢᠯᠭ᠎ᠠ ᠳᠤ ᠪᠠᠨ ᠬᠦᠷᠴᠦ᠂ ᠠᠩᠭᠢ ᠶᠢᠨ ᠭᠡᠰᠢᠭᠦᠳ ᠤᠨ ᠪᠣᠳᠠᠲᠤ ᠪᠠᠶᠢᠯᠳᠤᠭᠠᠨ ᠤ ᠲᠦᠪᠰᠢᠨ ᠢ ᠦᠨᠡᠨ ᠬᠦ ᠴᠢᠩᠭᠠᠳᠬᠠᠵᠤ᠂ ᠲᠤᠰ ᠪᠡᠶ᠎ᠡ ᠶᠢᠨ | ᠠᠮᠤᠷ ᠲᠦᠪᠰᠢᠨ ᠤ ᠬᠠᠮᠠᠭᠠᠯᠠᠯᠲᠠ᠂ ᠳᠠᠶᠢᠰᠤᠨ ᠢ ᠪᠠᠷᠢᠵᠤ ᠡᠵᠡᠮᠳᠡᠬᠦ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠡᠩᠨᠡᠭᠡ ᠶᠢᠨ ᠪᠦᠬᠦᠯᠢ ᠴᠣᠭᠴᠠ ᠶᠢᠨ | ᠳᠠᠶᠢᠴᠢᠨ ᠬᠦᠴᠦᠨ ᠢ ᠳᠡᠭᠡᠭᠰᠢᠯᠡᠭᠦᠯᠵᠦ᠂ ᠵᠢᠩᠬᠢᠨᠢ ᠪᠤᠳᠠᠳᠤ ᠪᠠᠶᠢᠯᠳᠤᠭᠠᠨᠴᠢᠯᠠᠯᠲᠠ ᠶᠢᠨ ᠬᠤᠰᠢᠭᠤᠴᠢ ᠡᠩᠨᠡᠭᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ | ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ | ᠴᠢᠷᠮᠠᠶᠢᠨ ᠪᠦᠷᠢᠯᠳᠦᠭᠦᠯᠵᠦ ᠦᠭᠴᠦ ᠪᠠᠶᠢᠨ᠎ᠠ᠃ ︵ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠧᠤ | ᠬᠠᠶ ᠮᠧᠶ ᠮᠡᠳᠡᠭᠡᠯᠡᠪᠡ︶ |