ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠠᠩᠬᠠᠯᠠᠬᠤ ᠪᠠ ᠶᠠᠩᠬᠠᠨ ᠳᠤ ᠣᠷᠣᠬᠤ 4 ᠨᠢᠭᠤᠴᠠ ᠣᠷᠤᠮᠵᠢ ᠶᠢ ᠠᠪᠴᠤ ᠬᠠᠶᠠᠵᠠᠢ
ᠨᠡᠶᠢᠲᠡᠯᠡᠭᠰᠡᠨ ᠴᠠᠭ᠄
2022/5/16
     ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠬᠢᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠦᠨᠡᠨᠴᠢ ᠰᠢᠳᠤᠷᠭᠤ ᠪᠠᠷ ᠠᠮᠤᠷ ᠠᠮᠤᠭᠤᠯᠠᠩ ᠢ ᠬᠠᠮᠠᠭᠠᠯᠠᠬᠤ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠠᠭᠤᠭᠠᠯᠢ ᠠᠷᠠᠳ ᠤᠨ ᠲᠤᠰᠬᠠᠯ ᠶᠡᠬᠡᠲᠡᠢ ᠪᠠᠶᠢᠭ᠎ᠠ ᠬᠠᠶᠢᠷᠤᠪ ᠤᠨ ᠲᠣᠬᠤᠢ ᠲᠣᠭᠤᠷᠢᠭ ᠤᠨ ᠭᠠᠷ ᠤᠲᠠᠰᠤᠨ ᠤ ᠵᠡᠭᠡᠯᠢ ᠶᠢᠨ ᠡᠷᠬᠢᠨ ᠲᠣᠭᠤᠷᠢᠨ ᠤ ᠪᠠᠶᠢᠰᠢᠩ ᠭᠡᠷ ᠤᠨ ᠲᠣᠭᠤᠷᠢᠭ ᠲᠤ ᠶᠠᠩᠬᠠᠯᠠᠭᠰᠠᠨ ᠠᠰᠠᠭᠤᠳᠠᠯ ᠣᠷᠣᠰᠢᠵᠤ ᠪᠠᠶᠢᠬᠤ ᠳᠤ ᠴᠢᠭᠯᠡᠭᠦᠯᠦᠨ᠂ ᠭᠠᠷ ᠤᠲᠠᠰᠤᠨ ᠤ ᠵᠡᠭᠡᠯᠢ ᠶᠢᠨ ᠡᠷᠬᠢᠨ ᠲᠣᠭᠤᠷᠢᠨ ᠤ ᠠᠮᠤᠷ ᠢ ᠬᠠᠮᠠᠭᠠᠯᠠᠬᠤ ᠶᠢᠨ ᠡᠮᠬᠢ ᠵᠠᠮᠪᠠᠷᠠᠭ᠎ᠠ ᠦᠭᠡᠢ ᠭᠠᠵᠠᠷ ᠢ ᠲᠥᠪᠯᠡᠷᠡᠭᠦᠯᠦᠨ ᠴᠡᠪᠡᠷᠯᠡᠵᠦ ᠴᠡᠭᠴᠡᠯᠡᠨ ᠵᠠᠰᠠᠬᠤ ᠲᠣᠭᠲᠠᠭᠠᠯ  ᠭᠠᠷᠭᠠᠨ᠂ ᠲᠤᠰ ᠭᠠᠵᠠᠷ ᠣᠷᠣᠨ ᠢ ᠫᠠᠶᠢᠰᠠ ᠡᠯᠭᠦᠨ ᠱᠠᠯᠠᠪᠳᠠᠭᠤᠯᠤᠨ ᠭᠦᠢᠴᠡᠳᠬᠡᠭᠦᠯᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢ ᠰᠢᠯᠢᠳᠡᠭ ᠬᠦᠴᠦᠨ ᠢ ᠵᠣᠬᠢᠶᠠᠨ ᠪᠠᠶᠢᠭᠤᠯᠤᠨ ᠲᠤᠰ ᠭᠠᠵᠠᠷ ᠣᠷᠣᠨ ᠳᠤ ᠲᠤᠰᠬᠠᠢ ᠬᠡᠷᠡᠭ ᠤᠨ ᠲᠤᠷᠰᠢᠨ ᠪᠠᠶᠢᠴᠠᠭᠠᠯᠲᠠ ᠬᠢᠯᠭᠡᠬᠦ ᠪᠠᠷ ᠵᠠᠷᠯᠢᠭᠳᠠᠪᠠ᠃
微信图片_20220429114217.jpg
     ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ  ᠶᠢ ᠦᠨᠳᠦᠰᠦᠯᠡᠨ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠴᠠᠭᠳᠠᠭᠠᠨ ᠤ ᠰᠠᠯᠪᠤᠷᠢ ᠶᠡᠭᠡ ᠠᠩᠭᠢ ᠲᠠᠢ ᠢᠳᠡᠪᠬᠢᠲᠡᠢ ᠬᠠᠮᠵᠢᠯᠴᠠᠵᠤ᠂ ᠭᠠᠷ ᠤᠲᠠᠰᠤᠨ ᠤ  ᠵᠡᠭᠡᠯᠢ ᠶᠢᠨ ᠡᠷᠬᠢᠨ ᠲᠣᠭᠤᠷᠢᠨ ᠤ ᠪᠠᠶᠢᠰᠢᠩ ᠭᠡᠷ ᠤᠨ ᠲᠣᠭᠤᠷᠢᠭ ᠢ ᠭᠤᠣᠯᠳᠠᠯᠭ᠎ᠠ ᠲᠠᠢ ᠣᠷᠣᠨ ᠪᠦᠰᠡ ᠪᠣᠯᠭᠠᠨ᠂ ᠴᠥᠮ ᠢ ᠲᠣᠭᠤᠷᠢᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠪᠠᠶᠢᠴᠠᠭᠠᠨ ᠰᠤᠷᠪᠤᠯᠵᠢᠯᠠᠬᠤ᠂ ᠴᠠᠭ ᠪᠤᠷᠤᠭᠤᠯᠠᠵᠤ ᠠᠵᠢᠯᠯᠠᠬᠤ᠂ ᠳᠠᠯᠠ ᠪᠠᠷ ᠲᠤᠷᠰᠢᠨ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠪᠠᠷ ᠳᠠᠮᠵᠢᠭᠤᠯᠤᠨ᠂ 2022 ᠣᠨ ᠤ 4 ᠰᠠᠷ᠎ᠠ ᠶᠢᠨ 14 ᠤ ᠡᠳᠦᠷ ᠤᠨ 13 ᠴᠠᠭ ᠤᠨ ᠦᠶ᠎ᠡ ᠪᠠᠷ ᠪᠠᠶᠢᠰᠢᠩ ᠭᠡᠷ ᠤᠨ ᠲᠣᠭᠤᠷᠢᠭ ᠤᠨ ᠨᠢᠭᠡ ᠲᠦᠷᠢᠶᠡᠰᠦᠨ ᠭᠡᠷ ᠲᠤ ᠵᠠᠷᠢᠮ ᠬᠥᠮᠥᠨ ᠶᠠᠭ ᠶᠠᠩᠬᠠᠯᠠᠬᠤ ᠪᠠ ᠶᠠᠩᠬᠠᠨ ᠳᠤ ᠣᠷᠣᠬᠤ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠵᠦ ᠪᠠᠶᠢᠬᠤ ᠰᠦᠪᠡᠭᠴᠢ ᠣᠯᠪᠠ᠃ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠲᠡᠷᠡ ᠳᠠᠷᠤᠢ ᠳᠤ ᠨᠢ ᠪᠦᠬᠦ ᠴᠠᠭᠳᠠᠭ᠎ᠠ  ᠶᠢ ᠵᠣᠬᠢᠶᠠᠨ ᠪᠠᠶᠢᠭᠤᠯᠵᠤ᠂ ᠶᠠᠩᠬᠠᠯᠠᠭᠰᠠᠨ᠂ ᠬᠠᠷᠠᠭᠤᠯ ᠵᠣᠭᠰᠣᠭᠰᠠᠨ ᠵᠢᠴᠢ ᠡᠷᠭᠢᠨ ᠲᠣᠭᠤᠷᠢᠨ ᠤ ᠶᠠᠩᠬᠠᠨ ᠳᠤ ᠣᠷᠣᠭᠴᠢ ᠶᠢ ᠲᠠᠲᠠᠭᠰᠠᠨ ᠵᠡᠷᠭᠡ ᠪᠤᠰᠤᠳ ᠶᠠᠩᠬᠠᠯᠠᠭᠰᠠᠳ ᠢ ᠪᠠᠷᠢᠪᠴᠢᠯᠠᠬᠤ ᠠᠵᠢᠯ ᠥᠷᠨᠢᠭᠦᠯᠵᠦ᠂ ᠲᠤᠬᠠᠢ ᠶᠢᠨ ᠲᠠᠯᠠᠪᠤᠷ ᠲᠤ 1 ᠶᠠᠩᠬᠠᠯᠠᠭᠰᠠᠨ᠂ 1 ᠶᠠᠩᠬᠠᠨ ᠳᠤ ᠣᠷᠣᠭᠰᠠᠨ᠂ 4 ᠶᠠᠩᠬᠠᠨ ᠳᠤ ᠣᠷᠣᠭᠴᠢ ᠶᠢ ᠲᠠᠲᠠᠭᠰᠠᠨ᠂ 4 ᠬᠠᠷᠠᠭᠤᠯ ᠵᠣᠭᠰᠣᠭᠰᠠᠨ ᠰᠡᠵᠢᠭ ᠲᠠᠢ ᠬᠥᠮᠥᠰ ᠢ ᠪᠠᠷᠢᠪᠴᠢᠯᠠᠵᠠᠢ᠃
微信图片_20220429114207.jpg
     ᠬᠤᠪᠢᠶᠠᠷᠢ ᠲᠣᠪᠴᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠴᠦᠲᠡᠢ ᠬᠠᠮᠵᠢᠯᠴᠠᠯᠭ᠎ᠠ ᠶᠢᠨ ᠳᠣᠣᠷ᠎ᠠ᠂ 32 ᠴᠠᠭ ᠤᠨ ᠴᠢᠷᠮᠠᠶᠢᠯᠭ᠎ᠠ ᠪᠠᠷ ᠳᠠᠮᠵᠢᠭᠠᠳ᠂ ᠬᠠᠶᠢᠷᠤᠪ ᠤᠨ ᠲᠣᠬᠤᠢ ᠲᠣᠭᠤᠷᠢᠭ ᠤᠨ ᠬᠤᠪᠢᠶᠠᠷᠢ ᠲᠣᠪᠴᠢᠶ᠎ᠠ ᠠᠴᠠ ᠬᠠᠤᠯᠢ ᠶᠣᠰᠣᠭᠠᠷ ᠶᠠᠩᠬᠠᠯᠠᠭᠤᠯᠤᠭᠰᠠᠨ ᠶᠠᠯ᠎ᠠ ᠬᠢᠭᠰᠡᠨ 1 ᠰᠡᠵᠢᠭᠲᠡᠨ ᠳᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠶᠠᠩᠬᠠᠯᠠᠭᠰᠠᠨ ᠪᠠ ᠶᠠᠩᠬᠠᠨ ᠳᠤ ᠣᠷᠣᠭᠰᠠᠨ ᠬᠠᠤᠯᠢ ᠶᠢ ᠵᠥᠷᠢᠴᠡᠭᠰᠡᠨ 13 ᠬᠥᠮᠥᠨ ᠳᠤ ᠵᠠᠰᠠᠭ ᠵᠠᠬᠢᠷᠭᠠᠨ ᠤ ᠲᠦᠷ ᠬᠤᠷᠢᠬᠤ ᠰᠢᠳᠬᠡᠯ ᠥᠭᠴᠦ᠂ 4 ᠶᠠᠩᠬᠠᠯᠠᠬᠤ ᠭᠠᠵᠠᠷ ᠢ ᠪᠠᠶᠢᠴᠠᠭᠠᠨ ᠪᠢᠲᠡᠭᠦᠮᠵᠢᠯᠡᠪᠡ᠃     ᠱᠠᠯᠢᠭ ᠵᠠᠪᠬᠠᠢ ᠵᠦᠢᠯᠡᠰ ᠲᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠷᠣᠰᠢᠨ ᠲᠣᠭᠲᠠᠨᠢᠬᠤ ᠣᠷᠣᠨ ᠵᠠᠢ ᠶᠢ ᠤᠯᠠᠮ ᠨᠢᠭᠡ ᠠᠯᠬᠤᠮ ᠰᠢᠬᠠᠵᠤ ᠪᠠᠭᠠᠰᠬᠠᠵᠤ᠂ ᠭᠠᠷ ᠤᠲᠠᠰᠤᠨ ᠤ ᠵᠡᠭᠡᠯᠢ ᠶᠢᠨ ᠡᠷᠬᠢᠨ ᠲᠣᠭᠤᠷᠢᠨ ᠤ ᠪᠠᠶᠢᠰᠢᠩ ᠭᠡᠷ ᠤᠨ ᠲᠣᠭᠤᠷᠢᠭ ᠲᠤ ᠣᠷᠣᠰᠢᠵᠤ ᠪᠠᠶᠢᠭ᠎ᠠ ᠪᠤᠵᠠᠷ ᠪᠤᠷᠲᠠᠭ ᠢ ᠨᠢᠭᠤᠨ ᠳᠠᠯᠳᠠᠯᠠᠬᠤ ᠨᠡᠶᠢᠭᠡᠮ ᠤᠨ ᠵᠢᠭᠰᠢᠭᠦᠷᠢᠲᠦ ᠦᠵᠡᠭᠳᠡᠯ ᠢ ᠲᠤᠶᠢᠯᠪᠤᠷᠢᠲᠠᠢ ᠴᠡᠪᠡᠷᠯᠡᠬᠦ ᠶᠢᠨ ᠲᠥᠯᠥᠭᠡ᠂ ᠰᠢᠨᠬᠤᠸᠠ ᠵᠡᠭᠡᠯᠢ ᠶᠢᠨ ᠲᠣᠮᠢᠯᠠᠭᠰᠠᠨ ᠰᠠᠯᠪᠤᠷᠢ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠢ ᠦᠨᠳᠦᠰᠦᠯᠡᠨ᠂ ᠬᠤᠯᠪᠣᠭᠳᠠᠯ ᠪᠦᠬᠦᠢ ᠣᠷᠣᠨ ᠪᠦᠰᠡ ᠶᠢᠨ ᠠᠮᠤᠷ ᠢ ᠬᠠᠮᠠᠭᠠᠯᠠᠬᠤ ᠶᠢᠨ ᠡᠮᠬᠢ ᠵᠠᠮᠪᠠᠷᠠᠭ᠎ᠠ ᠦᠭᠡᠢ ᠭᠠᠵᠠᠷ ᠢ ᠴᠡᠭᠴᠡᠯᠡᠨ ᠵᠠᠰᠠᠬᠤ ᠲᠥᠰᠥᠯ ᠢ ᠰᠤᠳᠤᠯᠤᠨ ᠲᠣᠭᠲᠠᠭᠠᠪᠠ᠃ ᠡᠳᠦᠷ ᠲᠤᠲᠤᠮ ᠤᠨ ᠲᠣᠭᠤᠷᠢᠨ ᠴᠠᠭᠳᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠲᠦᠷᠢᠶᠡᠰᠦᠨ ᠭᠡᠷ ᠪᠠᠶᠢᠰᠢᠩ ᠤᠨ ᠡᠵᠡᠨ ᠤ ᠮᠡᠳᠡᠭᠡ ᠵᠠᠩᠭᠢ ᠶᠢ ᠴᠤᠭᠯᠠᠭᠤᠯᠵᠤ ᠲᠦᠷᠢᠶᠡᠰᠦᠯᠡᠭᠴᠢ ᠶᠢ ᠰᠠᠶᠢᠲᠤᠷ ᠬᠠᠮᠢᠶᠠᠷᠴᠤ᠂ ᠪᠠᠶᠢᠩᠭᠤ ᠶᠢᠨ ᠴᠢᠨᠠᠷᠲᠠᠢ ᠤᠬᠠᠭᠤᠯᠤᠨ ᠰᠡᠷᠭᠡᠶᠢᠯᠡᠬᠦ ᠪᠠ ᠴᠣᠬᠢᠯᠲᠠ ᠥᠭᠬᠦ ᠡᠷᠴᠢᠮ ᠢ ᠴᠢᠩᠭᠠᠷᠠᠭᠤᠯᠬᠤ ᠭᠤᠷᠪᠠᠨ ᠲᠠᠯ᠎ᠠ ᠪᠠᠷ ᠭᠠᠷᠳᠠᠴᠠ ᠪᠣᠯᠭᠠᠨ᠂ ᠪᠠᠶᠢᠰᠢᠩ ᠭᠡᠷ ᠤᠨ ᠲᠣᠭᠤᠷᠢᠭ ᠲᠤ ᠪᠤᠵᠠᠷ ᠪᠤᠷᠲᠠᠭ ᠢ ᠨᠢᠭᠤᠵᠤ‌‍ᠲ᠋ᠠᠯᠳᠠᠯᠠᠬᠤ ᠦᠵᠡᠭᠳᠡᠯ ᠢ ᠵᠠᠰᠠᠵᠤ ᠴᠡᠭᠴᠡᠯᠡᠬᠦ ᠶᠢ ᠪᠡᠶᠡᠯᠡᠭᠦᠯᠦᠨ᠎ᠡ᠃
微信图片_20220429114145.png
     ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠬᠢᠨ ᠠᠮᠤᠷ ᠢ ᠬᠠᠮᠠᠭᠠᠯᠠᠬᠤ ᠶᠢᠨ ᠡᠮᠬᠢ ᠵᠠᠮᠪᠠᠷᠠᠭ᠎ᠠ ᠦᠭᠡᠢ ᠭᠠᠵᠠᠷ ᠢ ᠴᠡᠭᠴᠡᠯᠡᠨ ᠵᠠᠰᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠤᠯᠠᠨ ᠴᠠᠭᠳᠠᠭᠠᠨ ᠤ ᠲᠦᠷᠦᠯ ᠤᠨ ᠬᠠᠮᠲᠤᠷᠠᠨ ᠪᠠᠶᠢᠯᠳᠤᠬᠤ ᠲᠣᠭᠲᠠᠴᠠ ᠶᠢ  ᠪᠠᠶᠢᠭᠤᠯᠤᠨ᠂ ᠬᠠᠮᠲᠤᠷᠠᠨ ᠪᠠᠶᠢᠴᠠᠭᠠᠵᠤ ᠬᠠᠷᠢᠯᠴᠠᠨ ᠪᠠᠶᠢᠴᠠᠭᠠᠬᠤ ᠠᠷᠭ᠎ᠠ ᠬᠡᠯᠪᠡᠷᠢ ᠶᠢ ᠠᠪᠴᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰ ᠣᠷᠣᠨ ᠪᠦᠰᠡ ᠳᠤ ᠭᠡᠨᠡᠳᠲᠡ ᠶᠢᠨ ᠪᠠᠶᠢᠴᠠᠭᠠᠯᠲᠠ ᠬᠢᠵᠦ᠂ ︽ᠱᠠᠯᠢᠭ ᠵᠠᠪᠬᠠᠢ᠂ ᠵᠣᠭᠤᠰ ᠮᠦᠷᠦᠶᠢᠴᠡᠬᠦ᠂ ᠬᠤᠣᠷᠲᠤ ᠡᠳ᠋︾ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠠᠮᠤᠷ ᠢ ᠬᠠᠮᠠᠭᠠᠯᠠᠬᠤ ᠣᠷᠴᠢᠨ ᠲᠣᠭᠤᠷᠢᠨ ᠢ ᠦᠨᠡᠨ ᠬᠦ ᠪᠤᠢ ᠪᠣᠯᠭᠠᠵᠤ ᠥᠭᠭᠦᠨ᠎ᠡ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ