ᠪᠠᠶᠠᠨᠰᠠᠶᠢᠨ ᠤ ᠲᠣᠮᠢᠯᠠᠭᠰᠠᠨ ᠰᠠᠯᠪᠤᠷᠢ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2022/5/16
     ᠬᠠᠷᠢᠶᠠᠲᠤ ᠣᠷᠣᠨ ᠤ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠤᠬᠠᠮᠰᠠᠷ᠂ ᠮᠡᠬᠡᠯᠡᠯ ᠢ ᠲᠠᠨᠢᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠳᠡᠭᠡᠳᠦ ᠱᠠᠲᠤᠨ ᠤ ᠪᠠᠶᠢᠭᠤᠯᠭ᠎ᠠ ᠶᠢᠨ ᠨᠠᠰᠤᠲᠠᠨ ᠢ ᠠᠰᠠᠷᠠᠬᠤ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠱᠠᠭᠠᠷᠳᠠᠯᠭ᠎ᠠ ᠶᠣᠰᠣᠭᠠᠷ᠂ 2022 ᠣᠨ ᠤ 5 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠦᠬᠠᠢ ᠬᠤᠲᠠ ᠶᠢᠨ ᠤᠳᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠠᠶᠠᠨᠰᠠᠶᠢ ᠶᠢᠨ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ ᠳᠠᠭᠠᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠵᠣᠯ ᠵᠢᠷᠭᠠᠯ ᠤᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
x_8c43053237.jpg
     ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠠᠴᠠ ᠣᠯᠠᠨ ᠲᠦᠮᠡᠨ ᠳᠤ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠨᠡᠶᠢᠲᠡᠯᠢᠭ ᠵᠢᠱᠢᠶ᠎ᠡ ᠶᠢ ᠲᠠᠶᠢᠯᠪᠤᠷᠢᠯᠠᠨ ᠥᠭᠴᠦ᠂ ᠨᠡᠶᠢᠭᠡᠮ ᠲᠣᠭᠤᠷᠢᠭ ᠵᠢᠴᠢ ᠬᠥᠮᠥᠨ ᠣᠯᠠᠨ ᠴᠤᠭᠯᠠᠷᠠᠭᠰᠠᠨ ᠭᠠᠵᠠᠷ ᠣᠷᠣᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠭᠰᠠᠨ ᠪᠥᠭᠡᠳ ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP︾ ᠶᠢ ᠪᠠᠭᠤᠯᠭᠠᠯᠭᠠᠵᠤ᠂ ᠣᠯᠠᠨ ᠲᠦᠮᠡᠨ ᠳᠤ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠰᠠᠨᠠᠭᠤᠯᠵᠠᠢ᠂ ᠲᠣᠰ ᠤᠳᠠᠭᠠᠨ ᠤ ᠠᠵᠢᠯᠯᠠᠭ᠎ᠠ ᠪᠠᠷ ᠣᠯᠠᠨ ᠲᠦᠮᠡᠨ ᠤ ᠴᠠᠬᠢᠯᠭᠠᠨ ᠬᠤᠯᠪᠣᠭᠠᠨ ᠤ ᠮᠡᠬᠡᠯᠡᠯ ᠤᠨ ᠲᠤᠬᠠᠢ ᠣᠶᠢᠯᠠᠭᠠᠯᠲᠠ ᠶᠢ ᠨᠡᠮᠡᠭᠳᠡᠭᠦᠯᠵᠦ᠂ ᠮᠡᠬᠡᠯᠡᠯ ᠢ ᠡᠰᠡᠷᠭᠦᠴᠡᠬᠦ ᠪᠠ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠦᠨ᠂ ᠠᠮᠤᠷ ᠲᠦᠪᠰᠢᠨ ᠤ ᠤᠬᠠᠮᠰᠠᠷ ᠢ ᠪᠣᠶ ᠪᠣᠯᠭᠠᠭᠰᠠᠨ ᠪᠠᠶᠢᠨ᠎ᠠ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ