ᠵᠢᠶᠧ ᠹᠠᠩ ᠵᠠᠮ ᠤᠨ ᠲᠣᠮᠢᠯᠠᠭᠰᠠᠨ ᠰᠠᠯᠪᠤᠷᠢ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2022/5/16
      ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠮᠡᠬᠡᠯᠡᠯ ᠢ ᠡᠰᠡᠷᠭᠦᠴᠡᠬᠦ ᠰᠡᠷᠭᠡᠶᠢᠯᠡᠬᠦ ᠤᠬᠠᠮᠰᠠᠷ ᠢ ᠦᠷᠭᠦᠯᠵᠢᠯᠡᠨ ᠳᠡᠭᠡᠭᠰᠢᠯᠡᠭᠦᠯᠦᠨ᠂ ︽ᠪᠥᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ︾ ᠭᠦᠨ ᠵᠤᠵᠠᠭᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠨᠠᠰᠤᠲᠠᠶᠢᠴᠤᠳ ᠤᠨ ︽ᠮᠥᠩᠭᠦᠨ ᠤ ᠤᠭᠤᠲᠠ︾ ᠶᠢ ᠦᠨᠡᠨ ᠬᠦ ᠰᠠᠶᠢᠲᠤᠷ ᠰᠠᠬᠢᠬᠤ ᠶᠢᠨ ᠲᠥᠯᠥᠭᠡ᠂ 5 ᠰᠠᠷ᠎ᠠ ᠶᠢᠨ 5 ᠤ ᠡᠳᠦᠷ᠂ ᠦᠬᠠᠢ ᠬᠤᠲᠠ ᠶᠢᠨ ᠤᠳᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠢᠶᠧ ᠹᠠᠩ ᠵᠠᠮ ᠤᠨ ᠲᠣᠮᠢᠯᠠᠭᠰᠠᠨ ᠰᠠᠯᠪᠤᠷᠢ ᠠᠴᠠ ᠪᠦᠬᠦ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠴᠡᠴᠡᠷᠯᠢᠭ᠂ ᠵᠠᠬ᠎ᠠ ᠳᠡᠯᠭᠡᠭᠦᠷ ᠵᠡᠷᠭᠡ ᠨᠠᠰᠤᠲᠠᠶᠢᠴᠤᠳ ᠤᠨ ᠴᠤᠭᠯᠠᠷᠠᠭᠰᠠᠨ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠵᠠᠷᠯᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠲᠠᠶᠢᠴᠤᠳ ᠵᠢᠴᠢ ᠲᠡᠳᠡᠨ ᠤ ᠭᠡᠷ ᠤᠨ ᠬᠥᠮᠥᠰ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠮᠡᠬᠡᠯᠡᠯ ᠵᠢᠴᠢ ᠪᠡᠯᠡ ᠮᠥᠩᠭᠦ ᠥᠯᠥ ᠴᠤᠭᠯᠠᠭᠤᠯᠬᠤ ᠦᠶᠯᠡ ᠠᠵᠢᠯᠯᠠᠭ᠎ᠠ ᠶᠢ ᠪᠦᠲᠦᠮᠵᠢᠲᠡᠶ ᠪᠠᠷ ᠢᠯᠭᠠᠨ ᠲᠠᠨᠢᠭᠤᠯᠵᠤ᠂ ᠨᠠᠰᠤᠲᠠᠶᠢᠴᠤᠳ ᠤᠨ ᠮᠡᠬᠡᠯᠡᠬᠦ ᠶᠢ ᠡᠰᠡᠷᠭᠦᠴᠡᠬᠦ ᠦᠵᠡᠯ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠪᠡ᠃
x_f9d3117733.jpg
x_2493117725.jpg
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ