ᠪᠣᠷᠣᠬᠤᠲᠠ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠠᠰᠠᠷ ᠠᠴᠠ ᠬᠠᠷᠠᠶᠢᠵᠤ ᠪᠡᠶ᠎ᠡ ᠪᠠᠨ ᠬᠤᠣᠷᠯᠠᠬᠤ ᠭᠡᠰᠡᠨ ᠡᠮᠡᠭᠲᠡᠶ ᠶᠢ ᠠᠮᠵᠢᠯᠲᠠ ᠲᠠᠢ ᠪᠠᠷ ᠠᠪᠤᠷᠠᠵᠠᠶ
ᠨᠡᠶᠢᠲᠡᠯᠡᠭᠰᠡᠨ ᠴᠠᠭ᠄
2022/5/16
      2022 ᠣᠨ ᠤ 4 ᠰᠠᠷ᠎ᠠ ᠶᠢᠨ 8 ᠤ ᠤᠷᠤᠢ᠂ ᠤᠯᠠᠭᠠᠨᠬᠠᠳᠠ ᠬᠤᠳᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠣᠷᠣᠬᠤᠲᠠ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠣᠩᠨᠢᠭᠤᠳ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠭᠡᠰᠢᠭᠦᠳ ᠲᠠᠢ ᠬᠠᠮᠲᠤ ᠪᠠᠷ ᠶᠡᠭᠡ ᠬᠦᠴᠦ ᠣᠷᠣᠭᠤᠯᠵᠤ ᠪᠠᠶᠢᠭᠠᠳ ᠠᠰᠠᠷ ᠠᠴᠠ ᠬᠠᠷᠠᠶᠢᠵᠤ ᠪᠡᠶ᠎ᠡ ᠪᠠᠨ ᠬᠤᠣᠷᠯᠠᠬᠤ ᠭᠡᠰᠡᠨ ᠡᠮᠡᠭᠲᠡᠢ ᠶᠢ ᠠᠮᠵᠢᠯᠲᠠ ᠲᠠᠢ ᠠᠪᠤᠷᠠᠵᠠᠢ᠃
图片3.png
     ᠲᠤᠰ ᠤᠷᠤᠢ ᠶᠢᠨ 18 ᠴᠠᠭ 46 ᠮᠢᠨᠦ᠋ᠲ ᠲᠤ᠂ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠣᠷᠣᠬᠤᠲᠠ ᠶᠢᠨ ᠲᠣᠮᠢᠯᠠᠭᠰᠠᠨ ᠰᠠᠯᠪᠤᠷᠢ 110 ᠤᠨ ᠵᠠᠷᠯᠢᠭ ᠢ ᠲᠣᠰᠴᠤ᠂ ᠨᠢᠭᠡᠨ ᠰᠠᠭᠤᠭᠠᠯᠢ ᠲᠣᠭᠤᠷᠢᠭ ᠤᠨ ᠨᠢᠭᠡ ᠡᠮᠡᠭᠲᠡᠢ ᠠᠰᠠᠷ ᠠᠴᠠ ᠬᠠᠷᠠᠶᠢᠵᠤ ᠪᠡᠶ᠎ᠡ ᠪᠠᠨ ᠬᠤᠣᠷᠯᠠᠬᠤ ᠭᠡᠵᠦ ᠪᠠᠶᠢᠨ᠎ᠠ ᠭᠡᠪᠡ᠃ ᠴᠠᠭ ᠮᠥᠴᠡ ᠪᠣᠯ ᠳᠠᠷᠤᠶ ᠠᠮᠢ ᠨᠠᠰᠤ ᠮᠥᠨ᠂ ᠵᠠᠷᠯᠢᠭ ᠢ ᠣᠯᠣᠭᠰᠠᠨ ᠤ ᠳᠠᠷᠠᠭ᠎ᠠ᠂ ᠪᠣᠷᠣᠬᠤᠲᠠ ᠶᠢᠨ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠮᠠᠤ ᠵᠢᠶᠠᠨ ᠲᠤᠤ   ᠬᠡᠳᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠳᠠᠭᠠᠭᠤᠯᠤᠨ ᠬᠡᠷᠡᠭ ᠭᠠᠷᠤᠭᠰᠠᠨ ᠲᠤᠬᠠᠶ ᠶᠢᠨ ᠲᠠᠯᠠᠪᠠᠶ ᠳᠤ ᠦᠳᠲᠡᠷ ᠲᠦᠷᠭᠡᠨ ᠢᠶᠠᠷ ᠬᠦᠷᠪᠡ᠃ ᠨᠢᠭᠡ ᠡᠮᠡᠭᠲᠡᠶ ᠲᠠᠪᠤᠳᠤᠭᠠᠷ ᠳᠠᠪᠬᠤᠷᠯᠢᠭ ᠤᠨ ᠨᠠᠷᠠᠪᠴᠢ ᠶᠢᠨ ᠢᠶᠠᠨ ᠭᠠᠳᠠᠷ ᠬᠥᠪᠡᠭᠡᠨ ᠳᠤ ᠵᠣᠭᠰᠣᠵᠤ᠂ ᠮᠠᠰᠢ ᠳᠣᠭᠳᠣᠯᠤᠨ᠂ ᠪᠢ ᠠᠮᠢᠳᠤᠷᠠᠬᠤ ᠳᠤᠷ᠎ᠠ ᠦᠭᠡᠶ  ᠪᠣᠯᠣᠯ᠎ᠠ ᠶᠠᠷᠢᠵᠤ ᠪᠠᠶᠢᠯ᠎ᠠ᠃      ᠲᠤᠬᠠᠶ ᠶᠢᠨ ᠦᠶ᠎ᠡ ᠶᠢᠨ ᠰᠠᠯᠬᠢ ᠮᠠᠰᠢ ᠶᠡᠭᠡ᠂ ᠲᠩᠷᠢ ᠴᠦ ᠠᠭᠠᠵᠢᠮ ᠢᠶᠠᠷ ᠬᠠᠷᠠᠩᠭᠤᠶ ᠪᠣᠯᠵᠣ᠂ ᠲᠣᠰ ᠡᠮᠡᠭᠲᠡᠶ ᠢᠮᠠᠭᠲᠠ ᠠᠰᠠᠷ ᠠᠴᠠ ᠬᠠᠷᠠᠶᠢᠬᠤ ᠪᠤᠶᠤ ᠠᠰᠠᠷ ᠠᠴᠠ ᠤᠨᠠᠬᠤ ᠠᠶᠤᠯ ᠲᠠᠢ ᠪᠠᠶᠢᠵᠤ᠂ ᠠᠪᠤᠷᠠᠨ ᠲᠤᠰᠠᠯᠠᠬᠤ ᠳᠤ ᠲᠦᠢᠯ ᠤᠨ ᠬᠦᠴᠢᠷᠲᠡᠶ ᠪᠠᠶᠢᠪᠠ᠃ ᠰᠠᠯᠪᠤᠷᠢ ᠤᠨ ᠳᠡᠳ᠋ ᠳᠠᠷᠤᠭ᠎ᠠ ᠮᠠᠤ ᠵᠢᠶᠠᠨ ᠲᠤᠤ᠂ ᠠᠷᠠᠳ ᠤᠨ ᠴᠠᠭᠳᠠᠭ᠎ᠠ ᠵᠠᠩ ᠹᠦ᠋ ᠵᠤ᠋ ᠲᠤᠰ ᠡᠮᠡᠭᠲᠡᠶ ᠲᠠᠢ ᠡᠪᠲᠡᠢ ᠶᠠᠷᠢᠯᠴᠠᠵᠤ ᠢᠳᠬᠠᠪᠠ᠃ ᠡᠨᠡ ᠦᠶ᠎ᠡ ᠳᠤ᠂ ᠣᠩᠨᠢᠭᠤᠳ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠪᠤᠷᠠᠨ ᠲᠤᠰᠠᠯᠠᠬᠤ ᠠᠩᠭᠢ ᠶᠢᠨ ᠬᠢᠨ ᠪᠠᠰᠠ ᠲᠤᠬᠠᠶ ᠶᠢᠨ ᠲᠠᠯᠠᠪᠠᠶ ᠳᠤ ᠬᠦᠷᠴᠦ ᠢᠷᠡᠪᠡ᠃
图片4.png
     ᠣᠶᠢᠯᠠᠭᠠᠭᠰᠠᠨ ᠢᠶᠠᠷ᠂ ᠲᠣᠰ ᠡᠮᠡᠭᠲᠡᠶ ᠲᠠᠪᠢ ᠭᠠᠷᠤᠶ ᠨᠠᠰᠤᠲᠠᠶ᠂ ᠭᠠᠩᠰᠠᠷᠠᠯ ‍ᠤᠨ‌‍ᠰᠢᠨᠵᠢ ᠲᠠᠢ ᠮᠡᠳᠡᠷᠡᠯ ᠤᠨ ᠡᠪᠡᠳᠴᠢᠨ ᠳᠤ ᠨᠡᠷᠪᠡᠭᠳᠡᠵᠡᠶ᠂ ᠡᠨᠡ ᠦᠶ᠎ᠡ ᠳᠤ ᠲᠡᠷᠡ ᠭᠡᠨᠡᠳᠲᠡ ᠡᠪᠡᠳᠴᠢᠯᠡᠵᠦ᠂ ᠶᠠᠭ ᠮᠡᠳᠡᠷᠡᠯ ᠤᠨ ᠬᠥᠭᠰᠡᠬᠦ ᠬᠤᠭᠤᠴᠠᠭᠠᠨ ᠳᠤ ᠣᠷᠣᠭᠠᠳ᠂ ᠠᠮᠠᠷᠬᠠᠨ ᠪᠠᠴᠢᠮᠳᠠᠨ ᠰᠠᠨᠳᠤᠷᠴᠤ ᠮᠡᠳᠡᠷᠡᠯ ᠠᠯᠳᠠᠨ᠎ᠠ᠂ ᠬᠡᠷᠪᠡ ᠲᠡᠭᠦᠨ ᠢ ᠥᠨᠳᠥᠷ ᠠᠪᠤᠷᠬᠠᠤ ᠥᠬᠡᠶ ᠪᠣᠯ ᠦᠷ᠎ᠡ ᠳ᠋ᠦᠩ ᠨᠢ ᠰᠡᠳᠬᠢᠭᠳᠡᠰᠢ ᠥᠬᠡᠶ ᠪᠣᠯᠤᠨ᠎ᠠ᠃     ᠰᠠᠯᠪᠤᠷᠢ ᠤᠨ ᠳᠡᠳ᠋ ᠳᠠᠷᠤᠭ᠎ᠠ ᠮᠤᠤ ᠵᠢᠶᠠᠨ ᠲᠤᠤ ᠪᠣᠳᠠᠲᠠᠶ ᠪᠠᠶᠢᠳᠠᠯ ᠢ ᠦᠨᠳᠦᠰᠦᠯᠡᠨ᠂ ᠲᠤᠬᠠᠶ ᠶᠢᠨ ᠲᠠᠯᠠᠪᠤᠷ ᠲᠤ ᠪᠠᠶᠢᠭᠰᠠᠨ ᠴᠠᠭᠳᠠᠭᠠᠨ ᠤ ᠬᠦᠴᠦᠨ ᠢ ᠬᠤᠶᠠᠷ ᠳᠤᠭᠤᠶᠢᠯᠠᠩ ᠬᠤᠪᠢᠶᠠᠵᠤ᠂ ᠨᠢᠭᠡ ᠳᠤᠭᠤᠶᠢᠯᠠᠩ ᠤᠨ ᠴᠠᠭᠳᠠᠭ᠎ᠠ ᠲᠤᠰ ᠡᠮᠡᠭᠲᠡᠶ ᠲᠠᠢ ᠨᠢᠭᠤᠷᠲᠠᠨ ᠶᠠᠷᠢᠯᠴᠠᠵᠤ᠂ ᠲᠡᠳᠡᠨ ᠤ ᠤᠷᠮ᠎ᠠ ᠰᠡᠳᠬᠢᠯᠭᠡ ᠶᠢ ᠲᠠᠶᠢᠳᠬᠤᠷᠠᠭᠤᠯᠤᠨ᠂ ᠠᠩᠬᠠᠷᠤᠯ ᠢ ᠨᠢ ᠲᠠᠲᠠᠵᠤ᠂ ᠨᠥᠭᠦᠭᠡ ᠳᠤᠭᠤᠶᠢᠯᠠᠩ ᠤᠨ ᠴᠠᠭᠳᠠᠭ᠎ᠠ ᠰᠡᠮᠡᠭᠡᠷ ᠠᠰᠠᠷ ᠲᠤ ᠣᠷᠣᠵᠤ᠂ ᠴᠣᠩᠬᠤᠨ ᠳᠤ ᠠᠭᠠᠵᠢᠮ ᠢᠶᠠᠷ ᠣᠶᠢᠷᠠᠳᠴᠤ᠂ ᠴᠠᠭ ᠲᠣᠬᠢᠶᠠᠯ ᠡᠷᠢᠵᠦ᠂ ᠵᠠᠪᠰᠢᠶᠠᠨ ᠢ ᠳᠠᠯᠢᠮᠳᠠᠭᠤᠯᠤᠨ ᠠᠪᠤᠷᠠᠯᠳᠠ ᠬᠢᠬᠦ ᠪᠠᠷ ᠪᠣᠯᠪᠠ᠃     ᠨᠠᠷᠠᠪᠴᠢ ᠶᠢᠨ ᠳᠣᠲᠣᠷ᠎ᠠ ᠳᠤ ᠨᠢᠭᠤᠵᠤ ᠪᠠᠶᠢᠭᠰᠠᠨ ᠴᠠᠭᠳᠠᠭ᠎ᠠ ᠰᠦᠨ ᠤᠣ ᠴᠠᠭ ᠲᠣᠬᠢᠶᠠᠯ ᠢ ᠳᠠᠯᠢᠮᠳᠠᠭᠤᠯᠵᠤ᠂ ᠡᠷᠡᠰ ᠰᠢᠭᠤᠷᠬᠠᠶ ᠪᠠᠷ ᠠᠰᠠᠷ ᠳᠣᠲᠣᠷ᠎ᠠ ᠠᠴᠠ ᠲᠡᠷᠡ ᠡᠮᠡᠭᠲᠡᠶ ᠶᠢᠨ ᠭᠠᠷ ᠢ ᠴᠢᠩᠭ᠎ᠠ ᠠᠳᠬᠤᠪᠠ᠃ ᠡᠨᠡ ᠦᠶ᠎ᠡ ᠳᠤ᠂ ᠡᠨᠡ ᠡᠮᠡᠭᠲᠡᠶ ᠨᠠᠷᠠᠪᠴᠢ ᠶᠢᠨ ᠭᠠᠳᠠᠨ᠎ᠠ ᠡᠯᠭᠦᠭᠳᠡᠵᠦ᠂ ᠨᠢᠭᠡ ᠯᠡ ᠳᠣᠣᠷ᠎ᠠ ᠭᠡᠷ ᠲᠤ  ᠲᠠᠲᠠᠵᠤ ᠣᠷᠣᠭᠤᠯᠬᠤ ᠶᠢᠨ ᠠᠷᠭ᠎ᠠ ᠦᠭᠡᠶ ᠪᠠᠶᠢᠵᠤ᠂ ᠪᠠᠶᠢᠳᠠᠯ ᠲᠦᠢᠯ ᠤᠨ ᠠᠶᠤᠯᠲᠠᠶ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯᠲᠠᠳ ᠲᠡᠷᠡ ᠳᠠᠷᠤᠶ ᠳᠤ ᠨᠢ  ᠠᠶᠤᠯ ᠦᠭᠡᠢ ᠶᠢᠨ ᠳᠡᠭᠡᠰᠦ ᠪᠠᠷ ᠬᠠᠮᠵᠢᠨ ᠬᠠᠮᠲᠤ ᠪᠠᠷ ᠠᠪᠤᠷᠠᠨ ᠲᠤᠰᠠᠯᠠᠵᠤ᠂ ᠬᠦᠴᠦ ᠪᠠᠨ ᠬᠠᠮᠲᠤᠳᠬᠠᠨ ᠲᠤᠰ ᠡᠮᠡᠭᠲᠡᠶ ᠶᠢ ᠴᠣᠩᠬᠤᠨ ᠭᠠᠳᠠᠨᠠᠬᠢ ᠨᠠᠷᠠᠪᠴᠢ ᠠᠴᠠ ᠭᠡᠷ ᠲᠤ ᠳᠠᠮᠨᠠᠵᠤ ᠣᠷᠣᠭᠤᠯᠵᠠᠶ᠃     ᠲᠤᠬᠠᠢ ᠶᠢᠨ ᠲᠠᠯᠠᠪᠠᠢ ᠳᠤ ᠦᠵᠡᠵᠦ ᠪᠠᠶᠢᠭᠰᠠᠨ ᠤᠯᠠᠨ ᠲᠦᠮᠡᠨ ᠤ ᠰᠡᠳᠬᠢᠯ ᠰᠠᠨᠠᠭ᠎ᠠ ᠠᠭᠤᠵᠢᠷᠠᠪᠠ᠃ ᠠᠯᠠᠭ᠎ᠠ ᠲᠠᠰᠢᠯᠳᠠ ᠶᠢᠨ ᠲᠠᠭᠤᠨ ᠲᠤᠬᠠᠢ ᠶᠢᠨ ᠲᠠᠯᠠᠪᠠᠢ ᠶᠢᠨ ᠨᠠᠮ ᠬᠥᠮ ᠪᠠᠶᠢᠳᠠᠯ ᠢ ᠡᠪᠳᠡᠵᠦ᠂ ᠤᠯᠠᠨ ᠲᠦᠮᠡᠨ ᠠᠯᠠᠭ᠎ᠠ ᠲᠠᠰᠢᠨ ᠠᠷᠠᠳ ᠤᠨ ᠴᠠᠭᠳᠠᠭ᠎ᠠ ᠪᠣᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯᠲᠠᠳ ᠤᠨ ᠡᠷᠡᠯᠬᠡᠭ ᠪᠠᠭᠠᠲᠤᠷᠯᠢᠭ ᠢᠶᠠᠷ ᠠᠪᠤᠷᠠᠨ ᠲᠤᠰᠠᠯᠠᠬᠤ ᠠᠵᠢᠯᠯᠠᠭ᠎ᠠ ᠶᠢ ᠮᠠᠭᠲᠠᠨ ᠰᠠᠶᠢᠰᠢᠶᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ