ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠰᠠᠶᠢᠨ ᠳᠣᠷᠠᠴᠣᠣᠯ ᠡᠯᠰᠡᠬᠦ ᠪᠠ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/17
      ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠮᠡᠳᠡᠯᠭᠡ ᠶᠢ ᠲᠥᠭᠡᠮᠡᠯᠵᠢᠯᠡᠭᠦᠯᠬᠦ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠬᠡᠷᠡᠭ ᠡᠭᠦᠰᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ︽ᠲᠠᠪᠤ ᠶᠢ ᠣᠷᠣᠭᠤᠯᠬᠤ︾ ᠠᠷᠠᠳ ᠤᠨ ᠲᠥᠯᠥᠭᠡ ᠦᠢᠯᠡᠳᠦᠯᠭᠡᠵᠢᠭᠦᠯᠬᠦ ᠠᠵᠢᠯᠯᠠᠭ᠎ᠠ ᠪᠠᠷ ᠰᠠᠭᠤᠷᠢ ᠪᠣᠯᠭᠠᠵᠤ᠂ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠰᠠᠶᠢᠨ ᠳᠣᠷᠠᠴᠣᠣᠯ ᠡᠯᠰᠡᠬᠦ ᠪᠠ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
01.jpg     
      ᠰᠠᠶᠢᠨ ᠳᠣᠷᠠᠴᠣᠣᠯ ᠡᠯᠰᠡᠬᠦ ᠠᠵᠢᠯᠯᠠᠭ᠎ᠠ ᠶᠢᠨ ᠬᠤᠭᠤᠴᠠᠭᠠᠨ ᠳᠤ᠂ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠶᠢᠨ ᠮᠡᠬᠡᠯᠡᠯ ᠢ ᠡᠰᠡᠷᠭᠦᠴᠡᠬᠦ ᠠᠷᠠᠳ ᠤᠨ ᠴᠠᠭᠳᠠᠭ᠎ᠠ ᠲᠣᠰ ᠪᠡᠶ᠎ᠡ ᠶᠢᠨ ᠣᠯᠠᠨ ᠵᠢᠯ ᠤᠨ ᠬᠡᠷᠡᠭ ᠰᠢᠢᠳᠪᠦᠷᠢᠯᠡᠭᠰᠡᠨ ᠲᠤᠷᠰᠢᠯᠭ᠎ᠠ ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠦᠷᠭᠦᠯᠵᠢ ᠲᠣᠬᠢᠶᠠᠯᠳᠤᠳᠠᠭ᠂ ᠰᠢᠨ᠎ᠡ ᠬᠡᠯᠪᠡᠷᠢ ᠶᠢᠨ ᠮᠡᠬᠡᠯᠡᠯ ᠤᠨ ᠣᠨᠴᠠᠯᠢᠭ ᠵᠢᠴᠢ ᠬᠡᠷᠡᠭ ᠬᠢᠬᠦ ᠠᠷᠭ᠎ᠠ ᠪᠠᠷᠢᠯ ᠳᠤ ᠲᠤᠬᠠᠢ ᠶᠢᠨ ᠲᠠᠯᠠᠪᠤᠷ ᠲᠠᠬᠢ ᠰᠠᠶᠢᠨ ᠳᠣᠷᠠᠴᠣᠣᠯ ᠳᠤ ᠨᠠᠷᠢᠨ ᠲᠠᠶᠢᠯᠪᠤᠷᠢᠯᠠᠯᠲᠠ ᠬᠢᠵᠦ᠂ ᠣᠳᠣᠬᠠᠨ ᠤ ᠴᠠᠬᠢᠯᠭᠠᠨ ᠬᠤᠯᠪᠣᠭᠠᠨ ᠤ ᠮᠡᠬᠡᠯᠡᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠵᠢᠴᠢ ᠴᠠᠬᠢᠯᠭᠠᠨ ᠬᠤᠯᠪᠣᠭᠠᠨ ᠤ ᠮᠡᠬᠡᠯᠡᠯ ᠤᠨ ᠬᠤᠣᠷ ᠬᠥᠨᠥᠭᠡᠯ ᠢ ᠲᠣᠳᠣᠷᠬᠠᠶᠢᠯᠠᠨ ᠲᠠᠶᠢᠯᠪᠤᠷᠢᠯᠠᠵᠤ᠂ ︽ᠤᠯᠤᠰ ᠤᠨ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠲᠥᠪ ᠤᠨ APP︾ ᠶᠢᠨ ᠴᠢᠳᠠᠮᠵᠢ ᠦᠢᠯᠡᠳᠦᠯ ᠵᠢᠴᠢ ᠪᠠᠭᠤᠯᠭᠠᠨ ᠠᠪᠴᠤ ᠳᠠᠩᠰᠠᠯᠠᠭᠤᠯᠬᠤ ᠠᠷᠭ᠎ᠠ ᠶᠢ ᠭᠤᠣᠯᠳᠠᠯᠭ᠎ᠠ ᠲᠠᠢ ᠲᠠᠨᠢᠯᠴᠠᠭᠤᠯᠪᠠ᠃
03.jpg     
      ᠳᠠᠷᠠᠭ᠎ᠠ ᠳᠤᠨᠢ᠂ ᠮᠡᠬᠡᠯᠡᠯ ᠢ ᠡᠰᠡᠷᠭᠦᠴᠡᠬᠦ ᠠᠷᠠᠳ ᠤᠨ ᠴᠠᠭᠳᠠᠭ᠎ᠠ ᠪᠣᠯᠣᠨ ᠰᠠᠶᠢᠨ ᠳᠣᠷᠠᠴᠣᠣᠯ ᠬᠠᠮᠲᠤ ᠪᠠᠷ ᠬᠤᠪᠢ ᠶᠢᠨ ᠬᠤᠳᠠᠯᠳᠤᠭᠠᠨ ᠤ ᠡᠷᠦᠬᠡ᠂ ᠨᠡᠶᠢᠭᠡᠮ ᠲᠣᠭᠤᠷᠢᠭ ᠵᠡᠷᠭᠡ ᠲᠠᠯᠠᠪᠤᠷ ᠲᠤ ᠭᠦᠨᠵᠡᠭᠡᠶᠢᠷᠡᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠨ ᠶᠠᠷᠢᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ  ︽ᠤᠯᠤᠰ ᠤᠨ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠲᠥᠪ ᠤᠨ APP︾  ᠶᠢ ᠤᠭᠰᠠᠷᠠᠭᠤᠯᠵᠤ᠂ ᠢᠷᠡᠯᠲᠡ ᠨᠢ ᠲᠣᠳᠣᠷᠬᠠᠢ ᠦᠭᠡᠢ ᠤᠲᠠᠰᠤ ᠪᠠ ᠡᠯ᠎ᠡ ᠲᠥᠷᠥᠯ ᠤᠨ ᠮᠡᠳᠡᠭᠡ ᠵᠠᠩᠭᠢ ᠳᠤ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠠᠮᠠᠷᠬᠠᠨ ᠢᠲᠡᠭᠡᠬᠦ ᠦᠭᠡᠢ᠂ ᠲᠠᠩᠰᠠ ᠰᠢᠯᠵᠢᠭᠦᠯᠬᠦ ᠦᠭᠡᠢ ᠪᠠᠶᠢᠵᠤ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠢ ᠭᠡᠵᠤ ᠣᠯᠠᠨ ᠲᠦᠮᠡᠨ ᠳᠤ ᠰᠠᠨᠠᠭᠤᠯᠪᠠ᠃ ᠲᠣᠰ ᠤᠳᠠᠭᠠᠨ ᠤ ᠠᠵᠢᠯᠯᠠᠭ᠎ᠠ ᠳᠤ 50 ᠭᠠᠷᠤᠢ ᠰᠠᠶᠢᠨ ᠳᠣᠷᠠᠴᠣᠣᠯ ᠡᠯᠰᠡᠵᠦ᠂ 500 ᠭᠠᠷᠤᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ