ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠪᠠᠶᠠᠨᠨᠠᠭᠤᠷ ᠪᠠᠯᠭᠠᠰᠤᠨ ᠤ ᠲᠤᠮᠢᠯᠠᠭᠰᠠᠨ ᠰᠠᠯᠪᠤᠷᠢ ᠶᠢᠨ ︽ᠫᠤᠤ ᠰᠤᠮᠤ ᠶᠢ ᠬᠤᠷᠢᠶᠠᠵᠤ ᠳᠡᠯᠪᠡᠷᠡᠬᠦ ᠡᠳ᠋ ᠢ ᠵᠠᠰᠠᠬᠤ︾ ᠤᠬᠠᠭᠤᠯᠭ᠎ᠠ ᠶᠢᠨ ᠠᠵᠢᠯᠯᠠᠭ᠎ᠠ ᠨᠢ ᠰᠠᠶᠢᠨ ᠦᠷ᠎ᠡ ᠪᠥᠲᠤᠮᠵᠢ ᠤᠯᠪᠠ
ᠨᠡᠶᠢᠲᠡᠯᠡᠭᠰᠡᠨ ᠴᠠᠭ᠄
2022/5/17
     ᠬᠠᠷᠢᠶᠠᠲᠤ ᠤᠷᠤᠨ ᠤ ᠨᠡᠶᠢᠭᠡᠮ ᠤᠨ ᠠᠮᠤᠷ ᠲᠥᠪᠰᠢᠨ ᠤ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠠᠮᠤᠷ ᠲᠤᠭᠲᠠᠭᠤᠨ ᠢ ᠦᠨᠡᠨᠬᠦ ᠪᠠᠲᠤᠯᠠᠬᠤ ᠶᠢᠨ ᠲᠥᠯᠥᠭᠡ᠂ ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠪᠠᠶᠠᠨᠨᠠᠭᠤᠷ ᠪᠠᠯᠭᠠᠰᠤᠨ ᠤ ᠲᠤᠮᠢᠯᠠᠭᠰᠠᠨ ᠰᠠᠯᠪᠤᠷᠢ ᠶᠢᠨ ᠪᠦᠬᠦ ᠴᠠᠭᠳᠠᠭ᠎ᠠ ᠨᠠᠷ ᠨᠢ ᠬᠠᠷᠢᠶᠠᠲᠤ ᠤᠷᠤᠨ ᠳᠤ ᠪᠠᠨ ᠬᠦᠨᠵᠡᠭᠡᠶᠢᠷᠡᠨ ︽ᠭᠤᠷᠪᠠ ᠶᠢ ᠪᠠᠶᠢᠴᠠᠭᠠᠵᠤ᠂ ᠨᠢᠭᠡ ᠶᠢ ᠬᠠᠮᠢᠶᠠᠷᠤᠨ ᠡᠵᠡᠮᠲᠡᠬᠦ︾ ᠠᠵᠢᠯ ᠢ ᠡᠷᠴᠢᠮᠲᠠᠢ ᠥᠷᠨᠢᠬᠦᠯᠬᠦ ᠶᠢᠨ ᠲᠠᠭᠠᠤ ᠳᠤ ︽ᠫᠤᠤ ᠰᠤᠮᠤ ᠶᠢ ᠬᠤᠷᠢᠶᠠᠵᠤ ᠳᠡᠯᠪᠡᠷᠡᠬᠦ ᠡᠳ᠋ ᠢ ᠵᠠᠰᠠᠬᠤ︾ ᠤᠬᠠᠭᠤᠯᠭ᠎ᠠ ᠶᠢᠨ ᠠᠵᠢᠯ ᠢ ᠬᠦᠴᠦᠲᠠᠢ ᠠᠬᠢᠭᠤᠯᠤᠨ᠂ ᠬᠠᠷᠢᠶᠠᠲᠤ ᠤᠷᠤᠨ ᠳᠠᠬᠢ ᠫᠤᠤ ᠵᠡᠪᠰᠡᠭ ᠲᠡᠯᠪᠡᠷᠡᠬᠦ ᠡᠳ᠋ ᠵᠡᠷᠭᠡ ᠪᠤᠳᠠᠰ ᠢ ᠬᠤᠷᠢᠶᠠᠨ ᠠᠪᠬᠤ ᠬᠦᠴᠦᠯᠡᠴᠡ ᠪᠠᠨ ᠴᠢᠩᠭᠠᠷᠠᠭᠤᠯᠵᠤ᠂ ᠨᠡᠶᠢᠭᠡᠮ ᠤᠨ ᠲᠠᠯᠳᠠ ᠬᠡᠮ ᠢ ᠪᠥᠬᠦ ᠬᠦᠴᠦᠨ ᠢᠶᠠᠷ ᠢᠶᠠᠨ ᠠᠷᠢᠯᠭᠠᠪᠠ᠃     5 ᠰᠠᠷ᠎ᠠ ᠶᠢᠨ 8 ᠤ ᠡᠲᠥᠷ᠂ ᠬᠠᠷᠢᠶᠠᠲᠤ ᠤᠷᠤᠨ ᠤ ᠤᠯᠠᠨ ᠲᠥᠮᠡᠨ ᠲᠤᠤ ᠤᠪᠤᠭᠲᠤ ᠨᠢ ᠲᠤᠮᠢᠯᠠᠭᠰᠠᠨ ᠰᠠᠯᠪᠤᠷᠢ ᠶᠢᠨ ᠥᠷᠨᠢᠬᠦᠯᠥᠭᠰᠡᠨ ︽ᠫᠤᠤ ᠰᠤᠮᠤ ᠶᠢ ᠬᠤᠷᠢᠶᠠᠵᠤ ᠳᠡᠯᠪᠡᠷᠡᠬᠦ ᠡᠳ᠋ ᠢ ᠵᠠᠰᠠᠬᠤ︾ ᠤᠬᠠᠭᠤᠯᠭ᠎ᠠ ᠶᠢᠨ ᠬᠦᠲᠡᠯᠭᠡᠭᠡᠨ ᠢᠶᠠᠷ ᠰᠤᠮᠤ ᠳᠠᠷᠢ ᠵᠡᠷᠭᠡ ᠠᠶᠤᠯᠲᠠᠢ ᠳᠡᠯᠪᠡᠷᠡᠬᠦ ᠪᠤᠲᠠᠰ ᠢ ᠬᠠᠳᠠᠭᠠᠯᠠᠬᠤ ᠶᠢᠨ ᠬᠤᠤᠷ ᠬᠦᠨᠤᠭᠡᠯ ᠢ ᠤᠶᠢᠯᠭᠠᠭᠰᠠᠨ ᠪᠤᠯᠬᠤᠷ ᠭᠡᠷ ᠲᠤ ᠨᠢ ᠫᠤᠤ ᠶᠢᠨ ᠰᠤᠮᠤ ᠪᠠᠶᠢᠬᠤ ᠶᠢ ᠮᠡᠲᠡᠭᠰᠡᠨ ᠤ ᠳᠠᠷᠠᠭ᠎ᠠ ᠲᠠᠷᠤᠢ ᠲᠦᠷᠭᠡᠨ ᠰᠠᠨᠠᠭᠠᠴᠢᠯᠠᠭ᠎ᠠ ᠠᠴᠠ ᠪᠠᠨ ᠪᠠᠶᠠᠨᠨᠠᠭᠤᠷ ᠪᠠᠯᠭᠠᠰᠤᠨ ᠤ ᠲᠤᠮᠢᠯᠠᠭᠰᠠᠨ ᠰᠠᠯᠪᠤᠷᠢ ᠳᠤ ᠬᠦᠷᠴᠦ 11 ᠰᠤᠮᠤ ᠶᠢ ᠲᠤᠰᠢᠶᠠᠪᠠ᠃ ᠰᠠᠯᠪᠤᠷᠢ ᠶᠢᠨ ᠴᠠᠭᠳᠠᠭ᠎ᠠ ᠠᠴᠠ ᠲᠤᠤ ᠤᠪᠤᠭᠲᠤ ᠶᠢᠨ ᠰᠠᠶᠢᠨ ᠲᠤᠷ᠎ᠠ ᠠᠴᠠ  ᠪᠠᠨ ᠰᠤᠮᠤ ᠲᠠᠷᠢ ᠪᠠᠨ ᠳᠡᠭᠡᠭᠰᠢ ᠲᠤᠰᠢᠶᠠᠭᠰᠠᠨ ᠦᠢᠯᠡ ᠠᠵᠢᠯᠯᠠᠭ᠎ᠠ ᠶᠢ ᠮᠠᠭᠳᠠᠨ ᠰᠠᠶᠢᠰᠢᠶᠠᠭᠰᠠᠨ ᠤ ᠬᠠᠮᠲᠤ ︽ᠫᠤᠤ ᠰᠤᠮᠤ ᠶᠢ ᠬᠤᠷᠢᠶᠠᠵᠤ ᠳᠡᠯᠪᠡᠷᠡᠬᠦ ᠡᠳ᠋ ᠢ ᠵᠠᠰᠠᠬᠤ︾ ᠠᠵᠢᠯᠯᠠᠭ᠎ᠠ ᠶᠢᠨ ᠤᠯᠠᠨ ᠲᠥᠮᠡᠨᠴᠢ ᠤᠬᠠᠭᠤᠯᠤᠭᠴᠢ ᠪᠤᠯᠬᠤ ᠶᠢ ᠵᠤᠷᠢᠭᠵᠢᠭᠤᠯᠤᠭᠰᠠᠨ ᠪᠠᠶᠢᠨ᠎ᠠ᠃ ︵ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠮᠡᠲᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ