ᠦᠬᠠᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠷᠣᠯᠠᠵᠤ ᠬᠠᠪᠰᠤᠷᠤᠨ ᠭᠦᠢᠴᠡᠳᠬᠡᠬᠦ ᠦᠢᠯᠡᠴᠢᠯᠡᠭᠡ ᠨᠢ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/5/24
      ᠡᠨᠡ ᠵᠢᠯ ᠠᠴᠠ ᠡᠬᠢᠯᠡᠨ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠯᠪᠠᠨ ᠭᠡᠷ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠪᠠ ᠬᠠᠤᠯᠢᠵᠢᠯ ᠤᠨ ᠡᠵᠡᠩᠨᠡᠨ ᠡᠷᠬᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠨ᠂ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢᠵᠢᠯ ᠤᠨ ᠡᠵᠡᠩᠨᠡᠨ ᠡᠷᠬᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ ᠪᠠᠲᠤᠯᠠᠶ᠎ᠠ︾ ᠭᠡᠬᠦ ᠶᠡᠭᠡ ᠶᠠᠷᠢᠯᠴᠠᠭᠠᠨ ᠤ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠣᠯᠠᠨ ᠲᠦᠮᠡᠨ ᠤ ︽ᠶᠠᠪᠤᠳᠠᠯ ᠭᠦᠢᠴᠡᠳᠬᠡᠬᠦ ᠳᠤ ᠤᠳᠠᠭᠠᠨ᠂ ᠬᠦᠴᠢᠷ ᠲᠠᠢ᠂ ᠶᠠᠷᠠᠰᠢᠭ ᠲᠠᠢ︾ ᠪᠠᠶᠢᠬᠤ ᠶᠢ ᠦᠢᠯᠡᠴᠢᠯᠡᠭᠡ ᠪᠠᠨ ᠰᠠᠶᠢᠵᠢᠷᠠᠭᠤᠯᠬᠤ ᠶᠢᠨ ᠭᠤᠣᠯᠳᠠᠯᠭ᠎ᠠ ᠪᠣᠯᠭᠠᠨ᠂ ᠦᠵᠡᠯᠲᠡ᠂ ᠠᠷᠭ᠎ᠠ ᠮᠠᠶ᠋ᠢᠭ ᠪᠠ ᠰᠤᠷᠲᠠᠯ ᠢᠶᠠᠨ ᠬᠤᠪᠢᠷᠠᠭᠤᠯᠵᠤ᠂ ︽ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠰᠠᠭᠤᠷᠢᠨ ᠳᠡᠭᠡᠷ᠎ᠡ᠂ ᠴᠣᠩᠬᠤᠪᠴᠢ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽ᠣᠷᠣᠯᠠᠵᠤ ᠬᠠᠪᠰᠤᠷᠤᠨ ᠭᠦᠢᠴᠡᠳᠬᠡᠬᠦ︾ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠣᠯᠠᠨ ᠲᠦᠮᠡᠨ ᠳᠤ ᠨᠠᠩ ᠥᠨᠳᠥᠷ ᠶᠠᠰᠤ ᠴᠢᠨᠠᠷᠲᠤ᠂ ᠦᠷ᠎ᠡ ᠪᠦᠲᠦᠮᠵᠢ ᠲᠠᠢ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠪᠠ᠃
1.jpg
      ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠯᠪᠠᠨ ᠭᠡᠷ ᠨᠢ ᠲᠤᠰᠬᠠᠶᠢᠯᠠᠨ ᠣᠷᠣᠯᠠᠨ ᠬᠠᠪᠰᠤᠷᠤᠨ ᠭᠦᠢᠴᠡᠳᠬᠡᠬᠦ ᠠᠵᠢᠯᠲᠠᠨ ᠭᠠᠷᠭᠠᠵᠤ᠂ ︽ᠣᠷᠣᠯᠠᠵᠤ ᠬᠠᠪᠰᠤᠷᠤᠨ ᠭᠦᠢᠴᠡᠳᠬᠡᠬᠦ︾ ᠦᠢᠯᠡᠴᠢᠯᠡᠭᠡᠨ ᠤ ᠵᠦᠢᠯᠡᠰ ᠤᠨ ᠨᠠᠷᠢᠨ ᠬᠦᠰᠦᠨᠦᠭᠲᠦ ᠶᠢ ᠲᠣᠭᠲᠠᠭᠠᠨ᠂ ᠣᠯᠠᠨ ᠲᠦᠮᠡᠨ ᠢ ᠬᠠᠪᠰᠤᠷᠤᠨ ᠬᠦᠰᠦᠨᠦᠭ ᠲᠠᠭᠯᠠᠨ᠂ ᠰᠦᠢᠳᠬᠡᠯ ᠬᠤᠷᠢᠶᠠᠬᠤ ᠦᠭᠡᠢ ᠪᠠᠷ ᠮᠠᠲ᠋ᠧᠷᠢᠶᠠᠯ ᠢ ᠪᠠᠭᠤᠯᠭᠠᠨ ᠥᠭᠴᠦ᠂ ᠣᠯᠠᠨ ᠲᠦᠮᠡᠨ ᠤ ᠬᠠᠩᠭᠠᠭᠰᠠᠨ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠤᠷᠢᠳᠴᠢᠯᠠᠨ ᠬᠢᠨᠠᠬᠤ ᠪᠠ ᠨᠢᠭᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠵᠦ᠂ ᠴᠣᠩᠬᠤᠪᠴᠢ ᠳᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠦᠶ᠎ᠡ ᠳᠤ ︽ᠮᠠᠲ᠋ᠧᠷᠢᠶᠠᠯ ᠪᠦᠷᠢᠨ ᠪᠤᠰᠤ︾ ᠠᠴᠠ ᠪᠣᠯᠵᠤ ᠪᠤᠴᠠᠭᠠᠵᠤ ᠳᠠᠬᠢᠨ ᠮᠥᠷᠯᠡᠭᠦᠯᠬᠦ ᠵᠡᠷᠭᠡ ᠠᠰᠠᠭᠤᠳᠠᠯ ᠠᠴᠠ ᠵᠠᠶᠢᠯᠠᠭᠤᠯᠵᠤ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠭᠦᠨ ᠤ ᠵᠡᠷᠭᠡ ᠳᠤ ᠰᠢᠯᠵᠢᠮᠡᠯ ᠬᠤᠯᠪᠣᠭ᠎ᠠ ᠪᠠᠷ ᠲᠣᠭᠠᠴᠠᠭ᠎ᠠ ᠬᠢᠬᠦ ᠪᠠ ᠪᠠᠩᠬᠢ ᠶᠢᠨ ᠺᠠᠷᠲ ᠢᠶᠠᠷ ᠰᠦᠢᠳᠬᠡᠯ ᠲᠤᠰᠢᠶᠠᠵᠤ ᠳᠡᠶᠢᠯᠬᠦ ᠦᠭᠡᠢ ᠣᠯᠠᠨ ᠲᠦᠮᠡᠨ ᠳᠤ ᠣᠷᠣᠯᠠᠨ ᠰᠦᠢᠳᠬᠡᠯ ᠲᠤᠰᠢᠶᠠᠬᠤ ᠦᠢᠯᠡᠴᠢᠯᠡᠭᠡ ᠬᠠᠩᠭᠠᠵᠤ᠂ ᠬᠡᠷᠡᠭᠴᠡᠭᠡ ᠪᠦᠬᠦᠢ ᠣᠯᠠᠨ ᠲᠦᠮᠡᠨ ᠳᠤ ᠦᠨᠡᠮᠯᠡᠯ ᠢ ᠰᠢᠤᠳᠠᠨ ᠢᠶᠠᠷ ᠢᠯᠡᠭᠡᠬᠦ ᠦᠢᠯᠡᠴᠢᠯᠡᠭᠡ ᠬᠠᠩᠭᠠᠨ᠎ᠠ᠃ ᠲᠣᠰ ᠴᠣᠩᠬᠤᠪᠴᠢ ᠶᠢᠨ ᠪᠤᠰᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠭ᠎ᠠ ᠣᠯᠠᠨ ᠲᠦᠮᠡᠨ ᠢ ᠂ ᠣᠯᠠᠨ ᠲᠦᠮᠡᠨ ᠢ ᠬᠠᠪᠰᠤᠷᠤᠨ ᠵᠣᠬᠢᠬᠤ ᠶᠠᠪᠤᠳᠠᠯ ᠭᠦᠢᠴᠡᠳᠬᠡᠬᠦ ᠭᠠᠵᠠᠷ ᠤᠨ ᠠᠰᠠᠭᠤᠨ ᠯᠠᠪᠯᠠᠬᠤ ᠳ᠋ᠢᠶᠠᠩᠬᠤᠸᠠ ᠵᠡᠷᠭᠡ ᠶᠢ ᠬᠥᠲᠥᠯᠥᠨ ᠵᠢᠯᠤᠭᠤᠳᠴᠤ᠂ ᠵᠣᠬᠢᠴᠠᠭᠤᠯᠤᠨ ᠡᠷᠢᠬᠦ  ᠦᠢᠯᠡᠴᠢᠯᠡᠭᠡ ᠬᠠᠩᠭᠠᠪᠠ᠃
2.jpg
      ︽ᠣᠷᠣᠯᠠᠵᠤ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠨᠢ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠨᠠᠩ ᠰᠠᠨᠠᠭ᠎ᠠ ᠠᠮᠤᠷ᠂ ᠴᠠᠭ ᠪᠠ ᠬᠦᠴᠦᠨ ᠳᠤ ᠨᠢ ᠠᠷᠪᠢᠲᠠᠢ ᠪᠣᠯᠭᠠᠵᠤ᠂ ᠠᠵᠢᠯ ᠤᠨ ᠦᠷ᠎ᠡ ᠪᠦᠲᠦᠮᠵᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ