ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠦᠨ ᠲᠤᠮᠲᠠᠲᠤ ᠬᠤᠰᠢᠭᠤᠨ ᠤ ᠬᠠᠨ ᠠᠭᠤᠯᠠ ᠶᠢᠨ ᠲᠣᠮᠢᠯᠠᠭᠰᠠᠨ ᠰᠠᠯᠪᠤᠷᠢ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/5/24
      ᠬᠠᠤᠯᠢ ᠪᠠᠷ ᠵᠠᠰᠠᠬᠤ ᠡᠵᠡᠩᠨᠡᠨ ᠡᠷᠬᠢᠯᠡᠬᠦ ᠣᠷᠴᠢᠨ ᠨᠥᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠠᠷᠢᠶᠠᠲᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠣᠷᠴᠢᠨ ᠨᠥᠭᠦᠴᠡᠯ ᠢ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠤᠶᠢᠷ᠎ᠠ ᠳᠤ᠂  ᠬᠠᠨ ᠠᠭᠤᠯᠠ ᠶᠢᠨ ᠲᠣᠮᠢᠯᠠᠭᠰᠠᠨ ᠰᠠᠯᠪᠤᠷᠢ ᠠᠷᠠᠳ ᠤᠨ ᠴᠠᠭᠳᠠᠭ᠎ᠠ ᠶᠢ ᠵᠣᠬᠢᠶᠠᠨ ᠪᠠᠢᠭᠤᠯᠵᠤ ᠬᠠᠷᠢᠶᠠᠲᠤ ᠣᠷᠣᠨ ᠤ ᠡᠯ᠎ᠡ ᠲᠥᠷᠥᠯ ᠤᠨ ᠠᠵᠢᠯ ᠲᠥᠷᠥᠯ ᠤᠨ ᠲᠠᠯᠠᠪᠤᠷ ᠲᠤ ᠭᠦᠨᠵᠡᠭᠡᠢᠷᠡᠨ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃
ca2d884c1f94c6a6378e828b260beff5.jpg
      ᠡᠨᠡ ᠬᠤᠭᠤᠴᠠᠭᠠᠨ ᠳᠤ  ᠬᠠᠨ ᠠᠭᠤᠯᠠ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠢᠳᠡᠪᠬᠢᠲᠡᠢ ᠪᠠᠷ ᠬᠥᠳᠡᠯᠦᠯᠴᠡᠵᠦ᠂ ᠣᠨᠴᠠᠭᠠᠢ ᠠᠵᠢᠯ ᠲᠥᠷᠥᠯ᠂ ᠲᠣᠰᠣ ᠨᠡᠮᠡᠬᠦ ᠥᠷᠲᠡᠭᠡ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠢᠷᠡᠨ ᠠᠮᠤᠷ ᠲᠦᠪᠰᠢᠨ ᠤ  ᠳᠠᠯᠳᠠ  ᠭᠡᠮ  ᠢ  ᠵᠢᠭᠰᠠᠭᠠᠨ  ᠪᠠᠶᠢᠴᠠᠭᠠᠬᠤ  ᠠᠵᠢᠯ ᠥᠷᠨᠢᠭᠦᠯᠵᠦ᠂ ᠡᠯ᠎ᠡ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠪᠦᠷᠢᠨ ᠪᠠᠶᠢᠬᠤ ᠡᠰᠡᠬᠦ᠂ ᠠᠶᠤᠯ ᠦᠭᠡᠢ ᠦᠢᠯᠡᠳᠪᠦᠷᠢᠯᠡᠯ ᠤᠨ ᠳᠦᠷᠢᠮ ᠪᠦᠷᠢᠨ ᠪᠠᠶᠢᠬᠤ ᠡᠰᠡᠬᠦ᠂ ᠳᠡᠯᠪᠡᠷᠡᠮᠡᠲᠡᠭᠡᠶ ᠡᠳ᠋ ᠪᠣᠳᠠᠰ ᠤᠨ ᠬᠠᠳᠠᠭᠠᠯᠠᠯᠲᠠ ᠲᠣᠭᠲᠠᠭᠠᠯ ᠳᠤ ᠨᠡᠶᠢᠴᠡᠬᠦ ᠡᠰᠡᠬᠦ ᠵᠡᠷᠭᠡ ᠪᠠᠶᠢᠳᠠᠯ ᠤᠨ ᠲᠣᠭᠤᠷᠢᠨ ᠳᠤ ᠲᠥᠪᠯᠡᠷᠡᠭᠦᠯᠦᠨ ᠪᠠᠶᠢᠴᠠᠭᠠᠵᠤ ᠂ ᠠᠮᠤᠷ ᠲᠦᠪᠰᠢᠨ ᠤ ᠳᠠᠯᠳᠠ ᠭᠡᠮ ᠪᠠ ᠠᠰᠠᠭᠤᠳᠠᠯ ᠳᠤ ᠲᠤᠬᠠᠢ ᠶᠢᠨ ᠲᠠᠯᠠᠪᠤᠷ ᠲᠤ ᠨᠢ ᠴᠡᠭᠴᠡᠯᠡᠨ ᠰᠠᠢᠵᠢᠷᠠᠭᠤᠯᠬᠤ ᠱᠠᠭᠠᠷᠳᠠᠯᠭ᠎ᠠ ᠪᠠ ᠰᠠᠨᠠᠯ ᠢᠶᠠᠨ ᠲᠤᠷᠠᠳᠴᠠᠢ᠃ ᠡᠭᠦᠨ ᠤ ᠬᠠᠮᠲᠤ᠂ ᠡᠯ᠎ᠡ ᠲᠠᠯᠠᠪᠤᠷ ᠤᠨ ᠬᠠᠷᠢᠭᠤᠴᠠᠯᠭᠠᠲᠠᠨ ᠳᠤ ᠠᠶᠤᠯ ᠦᠭᠡᠢ ᠦᠢᠯᠡᠳᠪᠦᠷᠢᠯᠡᠯ ᠤᠨ ᠶᠡᠷᠦ ᠶᠢᠨ ᠮᠡᠳᠡᠯᠭᠡ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠵᠢᠴᠢ ᠬᠠᠮᠢᠶᠠᠷᠤᠯᠲᠠ ᠵᠣᠬᠢᠰ ᠦᠭᠡᠢ ᠠᠴᠠ ᠪᠣᠯᠵᠤ ᠬᠦᠨᠳᠦ ᠨᠣᠴᠢᠲᠠᠢ ᠦᠷ᠎ᠡ ᠤᠷᠰᠢᠭ ᠲᠠᠲᠠᠬᠤ ᠳᠤ ᠡᠭᠦᠷᠭᠡᠯᠡᠬᠦ ᠴᠢᠬᠤᠯᠠᠲᠠᠢ ᠬᠠᠤᠯᠢ ᠶᠢᠨ ᠬᠠᠷᠢᠭᠤᠴᠠᠯᠭ᠎ᠠ ᠶᠢ ᠨᠠᠷᠢᠨ ᠲᠠᠶᠢᠯᠪᠤᠷᠢᠯᠠᠵᠤ᠂ ᠠᠵᠢᠯᠯᠠᠵᠤ ᠪᠠᠶᠢᠭ᠎ᠠ ᠬᠥᠮᠦᠰ ᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠭᠤᠷᠢᠳᠠᠬᠤ ᠠᠯᠮᠠᠶᠢᠷᠠᠬᠤ ᠵᠡᠷᠭᠡ ᠨᠠᠵᠠᠭᠠᠢ ᠦᠵᠡᠯ ᠰᠠᠨᠠᠭ᠎ᠠ ᠶᠢ ᠲᠡᠪᠴᠢᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃
06d193f2fb151178f51dac9a4b06e388.jpg
      ᠣᠳᠣᠬᠠᠨ ᠪᠣᠯᠲᠠᠯ᠎ᠠ᠂ ᠨᠡᠶᠢᠲᠡ 27 ᠠᠵᠢᠯ ᠲᠥᠷᠥᠯ ᠤᠨ ᠲᠠᠯᠠᠪᠤᠷ ᠭᠠᠵᠠᠷ ᠢ ᠪᠠᠶᠢᠴᠠᠭᠠᠵᠤ᠂ 2 ᠬᠤᠪᠢ ᠴᠡᠭᠴᠡᠯᠡᠨ ᠥᠭᠡᠷᠡᠴᠢᠯᠡᠬᠦ ᠮᠡᠳᠡᠭᠳᠡᠯ ᠤᠨ ᠪᠢᠴᠢᠭ ᠪᠠᠭᠤᠯᠭᠠᠵᠤ᠂ ᠬᠠᠷᠢᠶ᠎ᠠ ᠣᠷᠣᠨ ᠤ ᠲᠠᠯᠠᠪᠤᠷ ᠤᠨ ᠥᠮᠴᠢᠲᠡᠨ ᠤ ᠠᠶᠤᠯ ᠦᠭᠡᠢ ᠦᠢᠯᠡᠳᠪᠦᠷᠢᠯᠡᠯ ᠤᠨ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠠᠵᠤ ᠠᠬᠤᠢ ᠨᠡᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ ᠪᠠᠲᠤᠯᠠᠬᠤ ᠳᠤ ᠴᠢᠬᠤᠯᠠ ᠠᠮᠤᠷ ᠲᠦᠪᠰᠢᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ