ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠨᠠᠮ ᠤᠨ ᠡᠭᠦᠷ ︽ᠰᠤᠷᠤᠭᠴᠢ ᠶᠢ ᠬᠠᠮᠠᠭᠠᠯᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/24
      ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠢᠯᠡᠯᠲᠡ ᠶᠢᠨ ᠠᠵᠢᠯ ᠢ ᠤᠯᠠᠮ ᠴᠢᠩᠭᠠᠳᠬᠠᠬᠤ ᠶᠢᠨ ᠲᠥᠯᠥᠭᠡ᠂ ᠣᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠮ ᠬᠠᠷᠢᠯᠴᠠᠭᠠᠨ  ᠤ  ᠬᠠᠮᠢᠶᠠᠷᠤᠯᠲᠠ  ᠶᠢᠨ  ᠶᠡᠭᠡ  ᠠᠩᠭᠢ  ᠶᠢᠨ  ᠨᠠᠮ  ᠤᠨ ᠡᠭᠦᠷ ︽ᠰᠤᠷᠤᠭᠴᠢ ᠶᠢ ᠬᠠᠮᠠᠭᠠᠯᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠥᠷᠭᠡᠨ ᠣᠯᠠᠨ ᠪᠠᠭᠰᠢ ᠰᠤᠷᠤᠭᠴᠢ ᠵᠢᠴᠢ ᠣᠯᠠᠨ ᠲᠦᠮᠡᠨ ᠳᠤ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠰᠤᠷᠭᠠᠭᠤᠯᠢ ᠳᠤ ᠣᠷᠣᠬᠤ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠢ ᠪᠣᠯᠭᠠᠵᠤ ᠥᠭᠪᠡ᠃
微信图片_20220423193155.jpg
微信图片_20220423193208.jpg
      ᠠᠵᠢᠯᠯᠠᠭ᠎ᠠ ᠳᠤᠮᠳᠠ᠂ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠡᠯ᠎ᠡ ᠳᠤᠮᠳᠠᠳᠤ᠂ ᠪᠠᠭ᠎ᠠ ᠰᠤᠷᠭᠠᠭᠤᠯᠢ ᠶᠢᠨ  ᠰᠤᠷᠤᠭᠴᠢ ᠶᠢ ᠬᠠᠮᠠᠭᠠᠯᠠᠬᠤ ᠠᠵᠢᠯ ᠤᠨ ᠪᠠᠶᠢᠷᠢ ᠶᠢᠨ ᠡᠩᠨᠡᠭᠡ ᠳᠤ ᠢᠳᠡᠪᠬᠢᠲᠡᠢ ᠣᠷᠣᠯᠴᠠᠵᠤ᠂ ᠬᠥᠮᠦᠨ᠂ ᠴᠠᠭ᠂ ᠠᠵᠢᠯ ᠤᠨ ᠪᠠᠶᠢᠷᠢ᠂ ᠬᠠᠷᠢᠭᠤᠴᠠᠯᠭ᠎ᠠ ᠲᠣᠭᠲᠠᠭᠠᠬᠤ ᠦᠢᠯᠡᠴᠢᠯᠡᠭᠡᠨ ᠤ ᠲᠣᠭᠲᠠᠴᠠ ᠶᠣᠰᠣᠭᠠᠷ᠂ ᠬᠠᠷᠢᠶ᠎ᠠ ᠲᠣᠭᠤᠷᠢᠭ ᠲᠠᠬᠢ ᠰᠤᠷᠤᠭᠴᠢ ᠶᠢ ᠬᠠᠮᠠᠭᠠᠯᠠᠬᠤ ᠠᠵᠢᠯ ᠤᠨ ᠪᠠᠶᠢᠷᠢ ᠳᠤ ᠤᠷᠢᠳᠴᠢᠯᠠᠨ ᠣᠷᠣᠯᠴᠠᠵᠤ᠂ ᠰᠤᠷᠭᠠᠭᠤᠯᠢ ᠶᠢᠨ ᠡᠭᠦᠳᠡᠨ ᠡᠮᠦᠨᠡᠬᠢ ᠡᠷᠢᠶᠡᠨ ᠵᠠᠮ ᠤᠨ ᠬᠠᠵᠠᠭᠤ ᠪᠤᠶᠤ ᠲᠡᠷᠭᠡ ᠬᠥᠰᠬᠡ ᠬᠥᠮᠦᠨ ᠣᠯᠠᠨ ᠭᠠᠵᠠᠷ ᠲᠤ ᠵᠣᠭᠰᠣᠵᠤ᠂ ᠰᠤᠷᠭᠠᠭᠤᠯᠢ ᠶᠢᠨ ᠬᠦᠷᠢᠶᠡᠨ ᠤ ᠣᠢᠷ᠎ᠠ ᠬᠠᠪᠢ ᠶᠢᠨ ᠵᠠᠮ ᠳᠡᠭᠡᠷᠡᠬᠢ ᠵᠢᠯᠣᠭᠤᠳᠤᠨ ᠨᠡᠪᠲᠡᠷᠡᠭᠦᠯᠬᠦ ᠪᠠ ᠵᠠᠮ ᠢ ᠲᠣᠭᠤᠷᠢᠨ ᠪᠠᠢᠴᠠᠭᠠᠵᠤ ᠬᠠᠮᠢᠶᠠᠷᠤᠨ ᠡᠵᠡᠮᠳᠡᠬᠦ ᠪᠠᠨ ᠪᠦᠬᠦ ᠬᠦᠴᠦᠨ ᠢᠶᠠᠷ ᠢᠶᠠᠨ ᠴᠢᠩᠭᠠᠳᠬᠠᠵᠤ᠂ ᠰᠤᠷᠤᠭᠴᠢᠳ ᠢ ᠲᠣᠰᠴᠤ ᠬᠦᠷᠭᠡᠬᠦ ᠲᠡᠷᠭᠡ ᠬᠥᠰᠬᠡ ᠶᠢ ᠵᠢᠷᠤᠮᠵᠢᠭᠤᠯᠤᠨ ᠵᠣᠭᠰᠣᠭᠠᠵᠤ᠂ ᠳᠠᠷᠤᠢ ᠵᠣᠭᠰᠣᠭᠠᠵᠤ ᠳᠠᠷᠤᠢ ᠶᠠᠪᠤᠭᠤᠯᠬᠤ᠂ ᠰᠤᠷᠭᠠᠭᠤᠯᠢ ᠶᠢᠨ ᠡᠭᠦᠳᠡ ᠵᠢᠴᠢ ᠣᠢᠷ᠎ᠠ ᠬᠠᠪᠢ ᠶᠢᠨ ᠵᠠᠮ ᠤᠨ ᠲᠡᠷᠭᠡ ᠶᠢ ᠠᠮᠤᠷ ᠲᠦᠪᠰᠢᠨ ᠡᠮᠬᠢ ᠵᠢᠷᠤᠮ ᠲᠠᠢ ᠶᠠᠪᠤᠭᠤᠯᠬᠤ ᠶᠢ ᠵᠢᠯᠣᠭᠤᠳᠴᠤ᠂ ᠰᠤᠷᠭᠠᠭᠤᠯᠢ ᠶᠢᠨ ᠬᠦᠷᠢᠶᠡᠨ ᠤ ᠣᠢᠷ᠎ᠠ ᠬᠠᠪᠢ ᠶᠢᠨ ᠵᠠᠮ ᠤᠨ ᠬᠡᠰᠡᠭ ᠤᠨ ᠡᠮᠬᠢ ᠳᠢᠭᠯᠢᠮ ᠲᠠᠢ ᠪᠠᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠰᠠᠭᠤᠭᠰᠠᠳ ᠠᠮᠤᠷ ᠲᠦᠪᠰᠢᠨ ᠤ ᠮᠠᠯᠠᠭᠠᠢ ᠵᠡᠭᠦᠬᠦ ᠦᠭᠡᠢ ᠪᠠᠢᠬᠤ ᠮᠠᠭᠤ ᠳᠠᠳᠬᠠᠯ ᠢ ᠴᠠᠭ ᠲᠤᠬᠠᠢ ᠳᠤ ᠨᠢ ᠵᠠᠯᠠᠷᠠᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠬᠢᠭᠡᠳ ᠣᠯᠠᠨ ᠲᠦᠮᠡᠨ ᠢ ᠵᠢᠯᠣᠭᠤᠳᠴᠤ ᠠᠮᠤᠷ ᠲᠦᠪᠰᠢᠨ ᠤ ᠮᠠᠯᠠᠭᠠᠢ ᠵᠡᠭᠦᠵᠦ᠂ ᠠᠮᠤᠷ ᠲᠦᠪᠰᠢᠨ᠂ ᠵᠢᠷᠤᠮᠵᠢᠯ ᠲᠠᠢ᠂ ᠪᠣᠯᠪᠠᠰᠤᠨ ᠢᠶᠠᠷ ᠶᠠᠪᠤᠵᠤ ᠰᠠᠭᠤᠬᠤ ᠣᠨᠣᠯᠵᠢᠬᠤᠨ ᠢ ᠰᠤᠷᠲᠠᠯᠴᠢᠯᠠᠵᠤ᠂ ᠥᠷᠭᠡᠨ ᠣᠯᠠᠨ ᠪᠠᠭᠰᠢ ᠰᠤᠷᠤᠭᠴᠢ ᠬᠢᠭᠡᠳ ᠣᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠭᠤᠯᠤᠨ ᠡᠵᠡᠮᠰᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠨᠢ ᠬᠡᠷᠡᠭᠵᠢᠭᠦᠯᠬᠦ ᠪᠠ ᠵᠢᠷᠤᠮᠯᠠᠭᠤᠯᠵᠤ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢ ᠬᠥᠮᠥᠨ ᠪᠣᠯᠭᠠᠨ ᠳᠤ ᠮᠡᠳᠡᠭᠦᠯᠵᠦ᠂ ᠰᠡᠳᠬᠢᠯ ᠳᠤ ᠨᠢ ᠭᠦᠨ ᠰᠠᠭᠤᠭᠳᠠᠭᠤᠯᠤᠨ᠎ᠠ᠃
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ