ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠶᠢ ᠥᠨᠳᠥᠷ ᠪᠠᠷᠢᠮᠵᠢᠶ᠎ᠠ ᠪᠠᠷ ᠴᠢᠩᠭ᠎ᠠ ᠱᠠᠭᠠᠷᠳᠠᠪᠠ
ᠨᠡᠶᠢᠲᠡᠯᠡᠭᠰᠡᠨ ᠴᠠᠭ᠄
2022/5/24
      ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠵᠣᠬᠢᠶᠠᠨ ᠪᠠᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠢᠭᠡᠳᠬᠡᠵᠦ᠂ ᠡᠯ᠎ᠡ ᠵᠦᠢᠯ ᠤᠨ ᠪᠠᠢᠴᠠᠭᠠᠨ ᠡᠵᠡᠮᠳᠡᠬᠦ ᠠᠵᠢᠯ ᠢ ᠦᠨᠡᠨ ᠬᠦ ᠴᠢᠩᠭ᠎ᠠ ᠪᠣᠳᠠᠲᠠᠢ ᠠᠳᠬᠤᠨ ᠦᠷ᠎ᠡ ᠪᠦᠲᠦᠮᠵᠢ ᠭᠠᠷᠭᠠᠭᠰᠠᠨ ᠪᠠᠶᠢᠨ᠎ᠠ᠃
微信图片_20220423192845.jpg
      ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ᠲᠤᠰᠬᠠᠢ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠳᠠᠶᠢᠴᠢᠯᠠᠨ ᠪᠠᠶᠢᠷᠢᠯᠠᠭᠤᠯᠵᠤ᠂ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ ᠠᠵᠢᠯ ᠤᠨ ᠲᠥᠰᠦᠯ ᠲᠣᠭᠲᠠᠭᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠠᠭ ᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠯᠢᠭᠵᠢᠭᠤᠯᠤᠨ᠂ ᠬᠠᠮᠤᠭ ᠤᠨ ᠥᠨᠳᠥᠷ ᠵᠣᠭᠰᠣᠯᠲᠠ ᠪᠠ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠪᠠᠷ ᠪᠠᠶᠢᠴᠠᠭᠠᠨ ᠡᠵᠡᠮᠳᠡᠬᠦ ᠡᠯ᠎ᠡ ᠵᠦᠢᠯ ᠤᠨ ᠡᠭᠦᠷᠭᠡ ᠶᠢ ᠥᠷᠨᠢᠭᠦᠯᠵᠦ᠂ ᠨᠡᠶᠢᠭᠡᠮ ᠤᠨ ᠪᠦᠬᠦ ᠲᠠᠯ᠎ᠠ ᠶᠢᠨ ᠰᠡᠷᠭᠡᠶᠢᠯᠡᠨ ᠡᠵᠡᠮᠳᠡᠬᠦ ᠠᠵᠢᠯ ᠤᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃      ᠠᠵᠢᠯ ᠤᠨ ᠦᠷ᠎ᠡ ᠪᠦᠲᠦᠮᠵᠢ ᠪᠠᠨ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠡᠯ᠎ᠡ ᠲᠣᠮᠢᠯᠠᠭᠰᠠᠨ ᠰᠠᠯᠪᠤᠷᠢ ᠨᠢ ᠨᠡᠶᠢᠭᠡᠮ ᠲᠣᠭᠤᠷᠢᠭ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠭᠦᠢᠴᠡᠳ ᠠᠰᠢᠭᠯᠠᠨ᠂ ᠡᠯ᠎ᠡ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠯᠤᠭ᠎ᠠ ᠬᠠᠮᠵᠢᠯᠴᠠᠨ ᠪᠠᠶᠢᠯᠳᠤᠵᠤ᠂ ᠬᠠᠷᠢᠶ᠎ᠠ ᠣᠷᠣᠨ ᠤ  ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠤᠰᠤᠳ ᠤᠨ ᠠᠮᠠᠷᠠᠯᠲᠠ ᠶᠢᠨ ᠴᠠᠭ ᠢ ᠡᠷᠦᠬᠡ ᠳᠤ ᠣᠷᠣᠬᠤ ᠪᠠ  ᠭᠠᠷ ᠤᠲᠠᠰᠤ  ᠪᠠᠷ ᠪᠣᠯᠵᠣᠬᠤ ᠵᠡᠷᠭᠡ ᠬᠡᠯᠪᠡᠷᠢ ᠪᠠᠷ᠂ ᠰᠠᠭᠤᠭᠠᠯᠢ ᠠᠷᠠᠳ ᠤᠨ ᠲᠣᠭᠤᠷᠢᠭ᠂ ᠭᠡᠷ ᠪᠦᠯᠢ᠂ ᠨᠢᠭᠡᠴᠢ ᠳᠤ ᠬᠦᠷᠴᠦ ᠴᠤᠭᠯᠠᠭᠤᠯᠬᠤ ᠠᠵᠢᠯ ᠥᠷᠨᠢᠭᠦᠯᠦᠨ᠂ ︽ᠨᠡᠶᠢᠯᠡᠭᠦᠯᠦᠨ ᠠᠵᠢᠯᠯᠠᠬᠤ᠂ ᠨᠢᠭᠡᠳᠦᠯᠲᠡᠢ ᠲᠥᠯᠥᠪᠯᠡᠨ᠂ ᠨᠢᠭᠡ ᠴᠤᠭᠴᠠᠵᠢᠭᠤᠯᠤᠨ ᠪᠠᠶᠢᠴᠠᠭᠠᠬᠤ᠂ ᠬᠠᠮᠵᠢᠯᠴᠠᠨ ᠡᠵᠡᠮᠳᠡᠬᠦ︾ ᠶᠢ ᠪᠠᠷᠢᠮᠲᠠᠯᠠᠨ᠂ ᠨᠢᠭᠡ ᠤᠳᠠᠭ᠎ᠠ ᠶᠢᠨ ᠴᠢᠨᠠᠷᠲᠠᠢ ᠪᠠᠷ ᠥᠷᠨᠢᠭᠦᠯᠵᠦ ᠪᠣᠯᠬᠤ ᠠᠵᠢᠯ ᠢ ᠶᠠᠭᠠᠬᠢᠭᠰᠠᠨ ᠴᠤ᠋ ᠡᠨᠡ ᠤᠳᠠᠭ᠎ᠠ ᠳᠤ ᠳᠠᠭᠤᠰᠬᠠᠬᠤ ᠬᠡᠷᠡᠭᠲᠡᠢ᠃
微信图片_20220423192900.jpg
      ︽ᠴᠤᠭᠯᠠᠭᠤᠯᠬᠤ ᠶᠣᠰᠣᠲᠠᠢ ᠶᠢ ᠨᠢ ᠪᠦᠬᠦᠨ ᠢ ᠴᠤᠭᠯᠠᠭᠤᠯᠵᠤ᠂ ᠪᠦᠬᠦ ᠲᠠᠯ᠎ᠠ ᠶᠢ ᠬᠠᠮᠤᠷᠬᠤ︾ ᠵᠠᠷᠴᠢᠮ ᠪᠠ ︽ᠪᠦᠷᠢᠨ ᠪᠦᠲᠦᠨ᠂ ᠣᠨᠣᠪᠴᠢᠲᠠᠢ᠂ ᠠᠮᠢᠳᠤᠯᠢᠭ︾ ᠪᠠᠶᠢᠬᠤ ᠱᠠᠭᠠᠷᠳᠠᠯᠭ᠎ᠠ ᠶᠣᠰᠣᠭᠠᠷ᠂ ︽ᠡᠭᠦᠳᠡ ᠲᠣᠭᠰᠢᠬᠤ ᠠᠵᠢᠯᠯᠠᠭ᠎ᠠ︾ ᠲᠠᠢ ᠤᠶᠠᠯᠳᠤᠭᠤᠯᠤᠨ᠂ ᠪᠦᠬᠦ ᠬᠤᠰᠢᠭᠤᠨ ᠤ ᠪᠣᠳᠠᠲᠠᠢ ᠪᠠᠶᠢᠭ᠎ᠠ ᠬᠥᠮᠦᠨ ᠠᠮᠠ ᠶᠢ ᠬᠠᠷᠭᠤᠭᠤᠯᠵᠤ᠂ ᠬᠠᠷᠢᠶᠠᠲᠤ ᠣᠷᠣᠨ ᠤ ᠭᠡᠷ ᠪᠠᠶᠢᠰᠢᠩ ᠲᠦᠷᠢᠶᠡᠰᠦᠯᠡᠬᠦ ᠵᠡᠷᠭᠡ ᠣᠷᠣᠨ ᠰᠠᠭᠤᠴᠠ ᠶᠢᠨ ᠮᠡᠳᠡᠭᠡ ᠵᠠᠩᠭᠢ ᠶᠢ ᠪᠠᠶᠢᠴᠠᠭᠠᠨ ᠲᠣᠳᠣᠷᠬᠠᠶᠢᠯᠠᠵᠤ᠂ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠤᠨ ᠬᠠᠮᠢᠶᠠᠷᠤᠨ ᠡᠵᠡᠮᠳᠡᠵᠦ᠂ ᠡᠷᠦᠬᠡ ᠳᠤ ᠬᠦᠷᠴᠦ ᠰᠤᠷᠪᠤᠯᠵᠢᠯᠠᠬᠤ ᠶᠠᠪᠤᠴᠠ ᠳᠤ ᠵᠥᠷᠢᠴᠡᠯ ᠵᠠᠭᠤᠷᠠᠯᠳᠤᠭᠠᠨ ᠢ ᠡᠮᠬᠢᠯᠡᠨ ᠰᠢᠢᠳᠪᠦᠷᠢᠯᠡᠨ᠎ᠡ᠃ ᠲᠤᠰᠬᠠᠢ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ 6 ᠣᠷᠭᠤᠳᠤᠤᠯ ᠬᠡᠷᠡᠭᠲᠡᠨ ᠢ ᠪᠠᠷᠢᠪᠴᠢᠯᠠᠪᠠ︔ 353 ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠨ᠂ ᠲᠠᠩᠨᠠᠨ ᠰᠢᠢᠳᠪᠦᠷᠢᠯᠡᠵᠦ᠂ 372 ᠬᠥᠮᠦᠨ ᠢ ᠵᠠᠰᠠᠭ ᠵᠠᠬᠢᠷᠭᠠᠨ ᠤ ᠰᠢᠳᠬᠡᠯ ᠢᠶᠠᠷ ᠰᠢᠳᠬᠡᠪᠡ᠂ ᠡᠭᠦᠨ ᠤ ᠳᠣᠲᠣᠷ᠎ᠠ 176 ᠬᠥᠮᠦᠨ ᠢ ᠵᠠᠰᠠᠭ ᠵᠠᠬᠢᠷᠭᠠᠨ ᠢᠶᠠᠷ ᠲᠦᠷ ᠬᠤᠷᠢᠪᠠ︔ 5 ᠡᠷᠡᠭᠦᠦ ᠶᠢᠨ ᠬᠡᠷᠡᠭ ᠢ ᠲᠠᠩᠨᠠᠨ ᠰᠢᠢᠳᠪᠦᠷᠢᠯᠡᠵᠦ᠂ 2 ᠬᠥᠮᠦᠨ ᠢ ᠡᠷᠡᠭᠦᠦ ᠶᠢᠨ ᠬᠡᠷᠡᠭ ᠢᠶᠠᠷ ᠲᠦᠷ ᠬᠤᠷᠢᠪᠠ︔ ︽ᠭᠤᠷᠪᠠᠨ ᠪᠤᠰᠤ︾ 1 ᠬᠥᠮᠦᠨ ᠢ ᠲᠦᠷ ᠬᠤᠷᠢᠵᠤ ᠬᠢᠨᠠᠨ ᠪᠠᠢᠴᠠᠭᠠᠨ᠎ᠠ᠃
微信图片_20220423192908.jpg
    ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ᠠᠵᠢᠯ ᠢ ᠨᠠᠷᠢᠨ ᠨᠢᠮᠪᠠᠢ ᠠᠳᠬᠤᠵᠤ᠂ ᠪᠣᠲᠠᠳᠠᠢ ᠨᠠᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂︽ᠡᠳᠦᠷ ᠪᠦᠷᠢ ᠲᠣᠬᠢᠷᠠᠭᠤᠯᠬᠤ᠂ ᠭᠠᠷᠠᠭ ᠪᠦᠷᠢ ᠰᠤᠳᠤᠯᠤᠨ ᠮᠠᠭᠠᠳᠯᠠᠬᠤ᠂ ᠰᠠᠷ᠎ᠠ ᠪᠦᠷᠢ ᠬᠤᠷᠢᠶᠠᠩᠭᠤᠢᠯᠠᠬᠤ᠂ ᠱᠠᠲᠤ ᠳᠠᠷᠠᠭᠠᠯᠠᠨ ᠠᠬᠢᠭᠤᠯᠬᠤ︾ ᠠᠵᠢᠯ ᠤᠨ ᠲᠣᠭᠲᠠᠴᠠ ᠶᠢ ᠪᠣᠢ ᠪᠣᠯᠭᠠᠬᠤ ᠶᠢᠨ ᠬᠠᠮᠲᠤ᠂ ᠨᠢᠭᠡᠳᠦᠭᠡᠷ ᠹᠷᠣᠨᠲ ᠲᠤ ᠭᠦᠨᠵᠡᠭᠡᠢᠷᠡᠨ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ᠂ ᠠᠷᠭ᠎ᠠ ᠬᠡᠯᠪᠡᠷᠢ ᠪᠠ ᠪᠣᠳᠠᠲᠠᠢ ᠠᠷᠭ᠎ᠠ ᠬᠡᠮᠵᠢᠶ᠎ᠡ ᠶᠢ ᠬᠢᠨᠠᠮᠠᠭᠠᠢ ᠰᠤᠳᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ᠠᠵᠢᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ ᠡᠯ᠎ᠡ ᠲᠣᠮᠢᠯᠠᠭᠰᠠᠨ ᠰᠠᠯᠪᠤᠷᠢ ᠶᠢᠨ ᠢᠳᠡᠪᠬᠢᠵᠢᠯ᠂ ᠴᠢᠨᠠᠷ ᠰᠠᠢᠲᠠᠢ ᠠᠬᠢᠭᠤᠯᠬᠤ ᠠᠵᠢᠯ ᠤᠨ ᠥᠷᠨᠢᠯᠲᠡ ᠶᠢ ᠭᠦᠢᠴᠡᠳ ᠳᠠᠶᠢᠴᠢᠯᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠤᠯᠠᠮ ᠣᠨᠣᠪᠴᠢᠲᠠᠢ ᠪᠣᠯᠭᠠᠵᠤ᠂ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠨᠡᠢᠭᠡᠮ ᠤᠨ ᠵᠠᠰᠠᠯᠲᠠ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠠᠮᠤᠷ ᠲᠦᠪᠰᠢᠨ ᠲᠣᠭᠲᠠᠭᠤᠨ ᠨᠡᠢᠭᠡᠮ ᠤᠨ ᠣᠷᠴᠢᠨ ᠲᠣᠭᠤᠷᠢᠨ ᠢ ᠪᠣᠢ ᠪᠣᠯᠭᠠᠨ᠎ᠠ᠃   
ᠢᠷᠡᠯᠲᠡ᠄ ᠬᠡᠰᠢᠭᠳᠡᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ