ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶᠠᠨ ︵ᠥᠷᠭᠡᠳᠬᠡᠭᠰᠡᠨ︶ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/27
      ᠶᠡᠷᠦᠩᠬᠡᠢ ᠱᠦᠵᠢ ᠰᠢ ᠶᠢᠨ ᠫᠢᠩ 25 ᠤ ᠦᠳᠡ ᠶᠢᠨ ᠡᠮᠦᠨ᠎ᠡ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠠᠭᠠᠲᠤᠷ ᠵᠢᠱᠢᠶᠡᠴᠢ ᠭᠠᠪᠢᠶ᠎ᠠ ᠪᠠᠶᠢᠭᠤᠯᠤᠭᠰᠠᠨ ᠬᠠᠮᠲᠤ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨ ᠳᠤ ᠬᠠᠯᠠᠭᠤᠨ ᠪᠠᠶᠠᠷ ᠬᠦᠷᠭᠡᠵᠦ᠂ ᠪᠦᠬᠦ ᠤᠯᠤᠰ ᠤᠨ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ 25 ᠤ ᠤᠷᠤᠢ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶᠠᠨ ᠤ ᠱᠦᠵᠢ᠂ ᠡᠳᠦᠷ ᠲᠤᠳᠤᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠰᠠᠶᠢᠳ ᠸᠠᠩ ᠰᠢᠶᠤᠤ ᠬᠤᠩ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠲᠠᠨᠢᠯᠲᠠ ᠣᠶᠢᠯᠠᠭᠠᠯᠲᠠ ᠪᠠᠨ ᠰᠣᠯᠢᠯᠴᠠᠵᠤ᠂ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠪᠠ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠬᠠᠶᠢᠷ᠎ᠠ ᠬᠠᠯᠠᠮᠵᠢᠯᠠᠯ ᠢ ᠭᠦᠨᠵᠡᠭᠡᠶ ᠪᠠᠲᠤ ᠴᠡᠭᠡᠵᠢᠯᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ  ᠪᠠᠲᠤᠳᠬᠠᠵᠤ᠂ ︽ ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠴᠠᠭᠳᠠᠭ᠎ᠠ ᠶᠢ ᠪᠠᠶᠢᠭᠤᠯᠵᠤ ᠴᠠᠭᠳᠠᠭ᠎ᠠ ᠶᠢ ᠵᠠᠰᠠᠬᠤ ᠴᠢᠭᠯᠡᠯᠲᠡ ᠶᠢ ᠡᠷᠡᠰ ᠲᠤᠭᠤᠰᠢᠯᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠥᠬᠦ ᠴᠠᠭᠳᠠᠭ᠎ᠠ ᠶᠢᠨ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠵᠦ᠂ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠠᠭᠠᠲᠤᠷ ᠵᠢᠱᠢᠶᠡᠴᠢ ᠭᠠᠪᠢᠶ᠎ᠠ ᠪᠠᠶᠢᠭᠤᠯᠤᠭᠰᠠᠨ ᠬᠠᠮᠲᠤ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠂ ᠡᠨᠡ ᠨᠢ ᠳᠣᠲᠣᠭᠠᠳᠤ ᠶᠢ ᠬᠠᠮᠠᠭᠠᠯᠠᠬᠤ ᠲᠡᠦᠬᠡᠨ ᠳᠡᠭᠡᠷᠡᠬᠢ ᠪᠠᠰᠠ ᠨᠢᠭᠡᠨ ᠰᠡᠳᠬᠢᠯ ᠳᠣᠭᠳᠣᠯᠤᠭᠤᠯᠤᠮ᠎ᠠ ᠦᠪᠡᠳᠡᠭᠰᠢ ᠶᠠᠪᠤᠳᠠᠯ ᠪᠣᠯᠤᠨ᠎ᠠ᠂ ᠡᠨᠡ ᠨᠢ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠳᠣᠲᠣᠭᠠᠳᠤ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠬᠠᠷᠠᠭᠠᠯᠵᠠᠨ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠦᠢᠯᠡᠰ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠠ ᠬᠦᠨᠳᠦ ᠨᠠᠶᠢᠳᠠᠯᠭ᠎ᠠ ᠲᠠᠯᠪᠢᠵᠤ᠂ ᠪᠥᠬᠦ ᠤᠯᠤᠰ ᠤᠨ 200 ᠲᠦᠮᠡᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠳᠤ ᠲᠦᠢᠯ ᠤᠨ ᠶᠡᠭᠡ ᠵᠣᠷᠢᠭᠵᠢᠭᠤᠯᠤᠯ ᠪᠠ ᠤᠷᠮᠠᠰᠢᠭᠤᠯᠤᠯ ᠥᠭᠭᠦᠭᠰᠡᠨ ᠪᠠᠶᠢᠨ᠎ᠠ᠃ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠳᠣᠲᠣᠭᠠᠳᠤ ᠶᠢ ᠬᠠᠮᠠᠭᠠᠯᠠᠬᠤ ᠠᠵᠢᠯ ᠪᠣᠯᠤᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢᠨ ᠣᠯᠤᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠬᠤ᠂ ᠰᠢᠨ᠎ᠡ ᠪᠠᠶᠢᠳᠠᠯ ᠳᠣᠣᠷᠠᠬᠢ ᠳᠣᠲᠣᠭᠠᠳᠤ ᠶᠢ ᠬᠠᠮᠠᠭᠠᠯᠠᠬᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠢᠳᠡ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠬᠠᠷᠠᠭᠠᠯᠵᠠᠯ ᠬᠠᠯᠠᠮᠵᠢᠯᠠᠯ ᠢᠶᠠᠷ ᠬᠥᠳᠡᠯᠭᠡᠬᠦ ᠬᠦᠴᠦᠨ ᠪᠣᠯᠭᠠᠵᠤ᠂ ᠡᠨᠡ ᠤᠳᠠᠭ᠎ᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠲᠡᠷᠢᠭᠦᠨ ᠤ ᠬᠤᠪᠢ ᠬᠥᠮᠦᠨ ᠢᠶᠠᠷ ᠳᠠᠭᠤᠷᠢᠶᠠᠯ ᠪᠣᠯᠭᠠᠵᠤ᠂ ᠴᠠᠭᠳᠠᠭ᠎ᠠ ᠶᠢᠨ ᠰᠡᠳᠬᠢᠯ ᠢ ᠴᠢᠨᠠᠭᠰᠢᠳᠠ ᠨᠢᠭᠲᠠᠷᠠᠭᠤᠯᠵᠤ᠂ ᠡᠷᠴᠢ ᠵᠣᠷᠢᠭ ᠢ ᠴᠢᠨᠠᠭᠰᠢᠳᠠ ᠬᠥᠪᠴᠢᠯᠡᠵᠦ᠂ ᠪᠦᠬᠦ ᠴᠠᠭᠳᠠᠭ᠎ᠠ ᠶᠢᠨ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠣᠯᠤᠨ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠠᠷ ᠰᠢᠨ᠎ᠡ ᠠᠶᠠᠨ ᠳᠤ ᠪᠠᠨ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠨᠠᠮ ᠪᠣᠯᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠶᠢᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠤᠨ ᠴᠠᠭᠳᠠᠭ᠎ᠠ ᠶᠢ ᠪᠠᠶᠢᠭᠤᠯᠵᠤ ᠴᠠᠭᠳᠠᠭ᠎ᠠ ᠶᠢ ᠵᠠᠰᠠᠬᠤ ᠴᠢᠭᠯᠡᠯᠲᠡ ᠶᠢ ᠡᠷᠡᠰ ᠲᠤᠭᠤᠰᠢᠯᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠪᠠᠲᠤ ᠴᠢᠩᠭ᠎ᠠ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠪᠠᠶᠢᠭᠤᠯᠬᠤ ᠪᠠ ᠡᠵᠡᠮᠳᠡᠬᠦ ᠤᠯᠤᠰ ᠲᠦᠷᠦ ᠶᠢᠨ ᠦᠨᠳᠦᠰᠦᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠨᠡᠨᠴᠢ ᠰᠢᠳᠤᠷᠭᠤ ᠪᠠᠶᠢᠬᠤ ᠬᠥᠮᠦᠵᠢᠯ ᠢ ᠴᠢᠩᠭᠠᠳᠬᠠᠵᠤ᠂ ᠡᠷᠡᠰ ᠭᠤᠶᠢᠪᠢᠰᠢ ᠦᠭᠡᠢ ᠪᠠᠷ ᠭᠤᠣᠯᠯᠠᠭᠴᠢ ᠳᠤ ᠪᠠᠨ ᠦᠨᠡᠨᠴᠢ ᠰᠢᠳᠤᠷᠭᠤ ᠪᠠᠶᠢᠵᠤ᠂ ᠭᠤᠣᠯᠯᠠᠭᠴᠢ ᠪᠠᠨ ᠬᠦᠷᠢᠶᠡᠯᠡᠵᠦ᠂ ᠭᠤᠣᠯᠯᠠᠭᠴᠢ ᠪᠠᠨ ᠲᠠᠭᠠᠵᠤ᠂ ᠭᠤᠣᠯᠯᠠᠭᠴᠢ ᠪᠠᠨ ᠬᠠᠮᠠᠭᠠᠯᠠᠵᠤ᠂ ᠢᠮᠠᠭᠲᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠴᠢᠩᠭ᠎ᠠ ᠭᠤᠣᠯ ᠬᠦᠭ ᠠᠶᠠᠰ ᠢ ᠢᠮᠠᠭᠲᠠ ᠪᠠᠷᠢᠮᠲᠠᠯᠠᠵᠤ᠂ ︽ᠤᠷᠳᠤ ᠬᠤᠭᠤᠴᠠᠭ᠎ᠠ︾ ᠪᠠ ︽ᠪᠠᠶᠢᠩᠭᠤ︾ ᠳᠡᠭᠡᠷ᠎ᠡ ᠬᠦᠴᠦ ᠲᠠᠯᠪᠢᠵᠤ᠂ ᠡᠩᠨᠡᠭᠡᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠴᠠᠭᠳᠠᠭᠠᠨ ᠤ ᠲᠦᠷᠢᠮ ᠴᠠᠭᠳᠠᠭᠠᠨ ᠤ ᠰᠠᠬᠢᠯᠭ᠎ᠠ ᠴᠠᠭᠳᠠᠭᠠᠨ ᠤ ᠰᠤᠷᠲᠠᠯ ᠢ ᠴᠢᠩᠳᠠᠯᠠᠵᠤ᠂ ᠰᠦᠨ ᠯᠢ ᠵᠢᠶᠦ᠋ᠨ ᠤ ᠤᠯᠤᠰ ᠲᠦᠷᠦ ᠶᠢᠨ ᠪᠦᠯᠬᠦᠮ ᠤᠨ ᠬᠤᠣᠷ ᠨᠥᠯᠥᠭᠡ ᠶᠢ ᠡᠷᠡᠰ ᠲᠦᠢᠯᠪᠤᠷᠢᠲᠠᠢ ᠠᠷᠢᠯᠭᠠᠵᠤ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠴᠠᠭᠳᠠᠭ᠎ᠠ ᠶᠢ ᠵᠠᠰᠠᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠨᠡᠨᠴᠢ ᠰᠢᠳᠤᠷᠭ᠋᠊᠂ ᠬᠠᠷᠠᠮ ᠦᠭᠡᠢ ᠵᠣᠷᠢᠭᠤᠯᠬᠤ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠬᠡᠪ ᠰᠤᠷᠲᠠᠯ ᠪᠠ ᠠᠵᠢᠯ ᠮᠡᠷᠭᠡᠵᠢᠯ ᠤᠨ ᠬᠡᠪ ᠰᠤᠷᠲᠠᠯ ᠢ ᠪᠤᠢ ᠪᠣᠯᠭᠠᠵᠤ᠂ ᠠᠵᠢᠯ ᠬᠢᠵᠦ ᠦᠢᠯᠡᠰ ᠪᠤᠰᠬᠠᠬᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠤᠯᠤᠰ ᠲᠥᠷᠥ ᠶᠢᠨ ᠲᠠᠯ᠎ᠠ ᠪᠠᠷ ᠬᠠᠯᠠᠮᠵᠢᠯᠠᠬᠤ᠂ ᠠᠵᠢᠯ ᠤᠨ ᠲᠠᠯ᠎ᠠ ᠪᠠᠷ ᠳᠡᠮᠵᠢᠬᠦ᠂ ᠬᠥᠯᠥᠰᠥ ᠣᠯᠭᠤᠮᠵᠢ ᠶᠢᠨ ᠲᠠᠯ᠎ᠠ ᠪᠠᠷ ᠪᠠᠲᠤᠯᠠᠬᠤ ᠶᠢ ᠪᠠᠷᠢᠮᠲᠠᠯᠠᠵᠤ᠂ ᠠᠷᠠᠳ ᠤᠨ ᠴᠠᠭᠳᠠᠭ᠎ᠠ ᠶᠢᠨ ᠠᠵᠢᠯ ᠠᠮᠢᠳᠤᠷᠠᠯ ᠳᠤᠮᠳᠠᠬᠢ ᠪᠣᠳᠠᠲᠠᠶ ᠬᠦᠴᠢᠷᠳᠡᠯ ᠢ ᠨᠢ ᠪᠥᠬᠦ ᠬᠦᠴᠦᠨ ᠢᠶᠠᠷ ᠢᠶᠠᠨ ᠬᠠᠪᠰᠤᠷᠤᠨ ᠰᠢᠢᠳᠪᠦᠷᠢᠯᠡᠵᠦ᠂ ︽ᠬᠦᠴᠢᠷᠳᠡᠯ ᠲᠠᠢ ᠪᠣᠯ ᠵᠣᠬᠢᠶᠠᠨ ᠪᠠᠶᠢᠭᠤᠯᠤᠯᠲᠠ ᠡᠷᠢᠬᠦ︾ ᠶᠢ ᠥᠷᠭᠡᠨ ᠣᠯᠠᠨ ᠠᠷᠠᠳ ᠤᠨ ᠴᠠᠭᠳᠠᠭ᠎ᠠ ᠶᠢᠨ ᠨᠢᠭᠡᠳᠦᠭᠡᠷ ᠰᠣᠩᠭᠤᠯᠲᠠ ᠪᠣᠯᠭᠠᠵᠤ᠂ ᠠᠵᠢᠯ ᠮᠡᠷᠭᠡᠵᠢᠯ ᠤᠨ ᠢᠷᠠᠭᠤ ᠠᠯᠳᠠᠷᠲᠤ ᠰᠡᠳᠬᠢᠯᠭᠡ ᠪᠠ ᠤᠮᠤᠭᠰᠢᠯᠲᠤ ᠰᠡᠳᠬᠢᠯᠭᠡ ᠶᠢ ᠨᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠡᠬᠦᠳᠡᠭ ᠴᠡᠭᠡᠵᠢᠨ ᠳᠤ ᠪᠠᠨ ᠬᠤᠶᠠᠷ ᠶᠡᠭᠡ ᠲᠠᠯ᠎ᠠ ᠶᠢ ᠪᠠᠭᠲᠠᠭᠠᠵᠤ᠂ ︽ᠤᠯᠤᠰ ᠤᠨ ᠶᠡᠭᠡ ᠲᠠᠯ᠎ᠠ︾ ᠶᠢ ᠰᠡᠳᠬᠢᠯ ᠳᠤ ᠪᠠᠨ ᠪᠤᠳᠤᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠤ ᠴᠢᠳᠠᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠮᠤᠷ  ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠳᠠᠶᠢᠰᠤᠩᠨᠠᠭᠴᠢ ᠬᠦᠴᠦᠨ ᠤ ᠡᠯ᠎ᠡ ᠵᠦᠢᠯ ᠤᠨ ᠨᠡᠪᠴᠢᠯᠲᠡ ᠨᠤᠷᠠᠭᠠᠯᠲᠠ ᠡᠪᠳᠡᠯᠡᠭᠡ ᠶᠢᠨ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠢᠩᠭ᠎ᠠ ᠴᠣᠬᠢᠯᠲᠠ ᠥᠭᠴᠦ᠂ ᠲᠦᠷᠦ ᠶᠢᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠵᠥᠷᠢᠴᠡᠯ ᠵᠠᠭᠤᠷᠠᠯᠳᠤᠭᠠᠨ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠡᠶᠡᠳᠡᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠤᠯᠠᠨ ᠲᠦᠮᠡᠨ ᠤ ᠲᠠᠶᠢᠪᠤᠩᠲᠤ ᠲᠦᠷᠦᠭᠳᠡᠯ ᠢ ᠨᠥᠯᠥᠭᠡᠯᠡᠬᠦ ᠬᠠᠤᠯᠢ ᠠᠴᠠ ᠵᠥᠷᠢᠴᠡᠭᠰᠡᠨ ᠲᠤᠪᠤᠶᠢᠮ᠎ᠠ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠵᠤ᠂ ᠡᠯ᠎ᠡ ᠲᠦᠷᠦᠯ ᠤᠨ ᠬᠦᠨᠳᠦ ᠶᠡᠭᠡ ᠣᠨᠴᠠ ᠶᠡᠭᠡ ᠬᠡᠷᠡᠭ᠂ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠪᠣᠯᠤᠨ ︽ᠬᠥᠳᠡᠯᠦᠩᠭᠦᠶ ᠪᠠᠷ ᠦᠭᠡᠶᠢᠰᠬᠡᠬᠦ︾ ᠶᠡᠷᠦᠩᠬᠡᠶ ᠴᠢᠭᠯᠡᠯᠲᠡ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠨᠠᠩ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠬᠦ ᠬᠡᠷᠡᠭᠲᠡᠶ᠃ ᠥᠭᠡᠷᠡᠴᠢᠯᠡᠯᠲᠡ ᠬᠢᠵᠦ ᠴᠠᠭᠳᠠᠭ᠎ᠠ ᠶᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠪᠣᠯᠤᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭᠠᠨ ᠤ ᠵᠠᠭᠪᠤᠷ ᠢ ᠭᠤᠤᠯᠳᠠᠯᠭ᠎ᠠ ᠲᠠᠢ ᠰᠢᠯᠢᠳᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠪᠠᠶᠢᠷᠢᠯᠠᠭᠤᠯᠵᠤ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳᠠᠷᠤᠢ ᠲᠦᠷᠭᠡᠨ ᠥᠷᠨᠢᠯᠲᠡ ᠭᠠᠷᠭᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠤᠨ ᠡᠷᠴᠢᠮ ᠲᠠᠢ᠂ ᠰᠦᠷ ᠬᠦᠴᠦᠨ ᠲᠠᠢ᠂ ᠦᠷ᠎ᠡ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠤᠨ ᠲᠥᠰᠦᠯ ᠢ ᠱᠠᠯᠠᠪᠳᠠᠨ ᠨᠠᠷᠢᠯᠢᠬᠵᠢᠭᠤᠯᠵᠤ᠂ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠬᠤ᠂ ᠲᠠᠰ ᠳᠠᠪᠬᠤᠷᠭ᠎ᠠ ᠲᠥᠷᠥᠯ ᠱᠠᠲᠤ ᠬᠤᠪᠢᠶᠠᠨ ᠯᠠᠪᠳᠠᠭᠤᠨ ᠪᠠᠲᠤᠲᠠᠶ ᠠᠬᠢᠭᠤᠯᠬᠤ ᠶᠢ ᠪᠠᠷᠢᠮᠲᠠᠯᠠᠵᠤ᠂ ᠥᠷᠭᠡᠨ ᠣᠯᠠᠨ ᠠᠷᠠᠳ ᠤᠨ ᠴᠠᠭᠳᠠᠭ᠎ᠠ ᠶᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠲᠥᠪ ᠬᠤᠷᠢᠶᠠᠨ ᠤ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠠ ᠳᠣᠲᠣᠭᠠᠳᠤ ᠶᠢ ᠬᠠᠮᠠᠭᠠᠯᠠᠬᠤ ᠡᠩᠨᠡᠭᠡ ᠳᠠᠬᠢ ᠭᠦᠨ ᠵᠤᠵᠠᠭᠠᠨ ᠬᠠᠯᠠᠮᠵᠢᠯᠠᠯ ᠢ ᠭᠦᠨᠵᠡᠭᠡᠶ ᠣᠶᠢᠯᠠᠭᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠬᠤ ᠬᠡᠷᠡᠭᠲᠡᠶ᠃ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠠᠮᠤᠷ ᠠᠮᠤᠭᠤᠯᠠᠩ ᠢ ᠦᠨᠡᠨᠴᠢ ᠪᠠᠷ ᠪᠠᠲᠤᠯᠠᠬᠤ︾᠂ ︽ᠳᠣᠲᠣᠭᠠᠳᠤ ᠶᠢ ᠬᠠᠮᠠᠭᠠᠯᠠᠬᠤ ᠨᠠᠮ ᠢᠶᠠᠨ ᠳᠠᠭᠠᠵᠤ᠂ ᠰᠢᠨ᠎ᠡ ᠠᠶᠠᠨ ᠵᠠᠮ ᠢᠶᠠᠨ ᠬᠠᠮᠠᠭᠠᠯᠠᠬᠤ︾ ᠵᠡᠷᠭᠡ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠠᠩ ᠴᠢᠨᠠᠷ ᠢ ᠶᠡᠬᠡᠪᠡᠷ ᠤᠬᠠᠭᠤᠯᠤᠨ ᠪᠠᠳᠠᠷᠠᠭᠤᠯᠵᠤ᠂ ᠪᠠᠭᠠᠲᠤᠷ ᠵᠢᠱᠢᠶᠡᠴᠢ ᠠᠴᠠ ᠰᠤᠷᠤᠯᠴᠠᠬᠤ᠂ ᠪᠠᠭᠠᠲᠤᠷ ᠵᠢᠱᠢᠶᠡᠴᠢ ᠶᠢ ᠳᠡᠭᠡᠳᠦᠯᠡᠬᠦ᠂ ᠪᠠᠭᠠᠲᠤᠷ ᠵᠢᠱᠢᠶᠡᠴᠢ ᠪᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃       ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠭᠤᠯᠭ᠎ᠠ ᠲᠣᠪᠴᠢᠶᠠᠨ ᠤ ᠱᠠᠲᠤᠨ ᠤ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠣᠯᠤᠨ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠶᠠᠮᠤᠨ