ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠡᠷᠬᠡ ᠲᠤᠰᠢᠶᠠᠯ
ᠨᠡᠶᠢᠲᠡᠯᠡᠭᠰᠡᠨ ᠴᠠᠭ᠄
2022/5/30
      ︽ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠵᠣᠬᠢᠶᠠᠨ ᠪᠠᠶᠢᠭᠤᠯᠬᠤ ᠲᠦᠷᠢᠮ︾ ᠤᠨ ᠬᠤᠶᠠᠳᠤᠭᠠᠷ ᠵᠦᠢᠯ ᠳᠠᠬᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠡᠷᠬᠡ ᠲᠤᠰᠢᠶᠠᠯ ᠨᠢ ᠳᠣᠤᠷᠠᠬᠢ ᠮᠡᠲᠦ᠄      ︵ᠨᠢᠭᠡ︶ ᠤᠯᠡᠠ ᠨᠡᠶᠢᠲᠡ ᠶᠢᠨ ᠡᠮᠬᠢ ᠵᠢᠷᠤᠮ ᠪᠠ ᠨᠡᠶᠢᠭᠡᠮ ᠤᠨ ᠠᠮᠤᠷ ᠲᠦᠪᠰᠢᠨ ᠳᠤ ᠬᠤᠯᠪᠣᠭᠳᠠᠬᠤ ᠬᠠᠤᠯᠢ ᠴᠠᠭᠠᠵᠠ ᠶᠢ ᠬᠡᠷᠡᠭᠵᠢᠭᠦᠯᠬᠦ ᠶᠢ ᠪᠠᠳᠤᠯᠠᠬᠤ︔      ︵ᠬᠤᠶᠠᠷ︶ ᠬᠤᠪᠢᠰᠬᠠᠯ ᠤᠨ ᠡᠰᠡᠷᠭᠦᠴᠦᠳ ᠤᠨ ᠤᠳᠤ ᠪᠠᠷ ᠢᠶᠠᠨ ᠬᠢᠵᠦ ᠪᠠᠶᠢᠭ᠎ᠠ ᠡᠪᠳᠡᠬᠦ ᠠᠵᠢᠯᠯᠠᠭ᠎ᠠ ᠶᠢ ᠳᠠᠷᠤᠩᠭᠤᠶᠢᠯᠠᠬᠤ︔      ︵ᠭᠤᠷᠪᠠ︶ ᠬᠤᠯᠠᠭᠠᠶ ᠳᠡᠭᠡᠷᠡᠮ ᠪᠠ ᠪᠤᠰᠤᠳ ᠶᠠᠯᠠᠲᠤ ᠡᠲᠡᠭᠡᠳ ᠤᠨ ᠡᠪᠳᠡᠬᠦ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ ᠬᠤᠷᠢᠭᠯᠠᠨ ᠵᠤᠭᠰᠣᠭᠠᠬᠤ︔      ︵ᠲᠦᠷᠪᠡ︶ ᠬᠤᠪᠢᠰᠬᠠᠯ ᠤᠨ ᠡᠰᠡᠷᠭᠦᠴᠦᠳ ᠪᠠ ᠪᠤᠰᠤᠳ ᠶᠠᠯᠠᠲᠤ ᠡᠲᠡᠭᠡᠳ ᠢ ᠬᠠᠤᠯᠢ ᠶᠢᠨ ᠶᠣᠰᠣᠭᠠᠷ ᠵᠠᠬᠢᠷᠤᠨ ᠬᠠᠮᠢᠶᠠᠷᠬᠤ︔      ︵ᠲᠠᠪᠤ︶ ᠡᠷᠦᠭᠡ ᠠᠮᠠ ᠶᠢᠨ ᠲᠡᠩᠰᠠ ᠶᠢ ᠬᠠᠮᠢᠶᠠᠷᠬᠤ︔      ︵ᠵᠢᠷᠭᠤᠭ᠎ᠠ︶ ᠲᠢᠶᠠᠲᠷ᠂ ᠺᠢᠨᠣ᠋ ᠶᠢᠨ ᠲᠢᠶᠠᠲᠷ᠂ ᠵᠣᠴᠢᠳ ᠤᠨ ᠪᠠᠭᠤᠳᠠᠯ᠂ ᠦᠰᠦᠭ ᠰᠡᠶᠢᠯᠬᠦ᠂ ᠷᠠᠳᠢᠣ᠋ ᠬᠡᠷᠡᠭᠰᠡᠯ ᠵᠡᠷᠭᠡ ᠠᠵᠢᠯ ᠲᠥᠷᠥᠯ ᠪᠠ ᠳᠡᠯᠪᠡᠷᠡᠬᠦ ᠪᠣᠳᠠᠰ᠂ ᠨᠣᠴᠣᠮᠠᠲᠠᠭᠠᠶ ᠪᠣᠳᠠᠰ ᠵᠢᠴᠢ ᠪᠤᠰᠤᠳ ᠠᠶᠤᠯᠲᠠᠢ ᠪᠣᠳᠠᠰ ᠢ ᠬᠠᠮᠢᠶᠠᠷᠬᠤ︔      ︵ᠲᠤᠯᠤᠭ᠎ᠠ︶ ᠬᠦᠨᠳᠦ ᠶᠡᠭᠡ ᠡᠷᠡᠭᠦᠦ ᠶᠢᠨ ᠬᠡᠷᠡᠭ ᠭᠠᠷᠤᠭᠰᠠᠨ ᠲᠤᠬᠠᠶ ᠶᠢᠨ ᠭᠠᠵᠠᠷ ᠢ ᠬᠠᠮᠠᠭᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠡᠷᠡᠭ ᠢ  ᠢᠯᠡᠷᠡᠭᠦᠯᠬᠦ︔      ︵ᠨᠠᠢᠮᠠ︶ ᠠᠮᠤᠷ ᠢ ᠬᠠᠮᠠᠭᠠᠯᠠᠬᠤ ᠺᠣᠮᠢᠰ ᠤᠨ ᠠᠵᠢᠯ ᠢ ᠵᠢᠯᠤᠭᠤᠳᠬᠤ︔      ︵ᠶᠢᠰᠦ︶ ᠰᠠᠭᠤᠭᠠᠯᠢ ᠠᠷᠠᠳ ᠤᠨ ᠳᠣᠲᠣᠷ᠎ᠠ ᠬᠤᠪᠢᠰᠬᠠᠯ ᠤᠨ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ᠂ ᠬᠠᠤᠯᠢ ᠴᠠᠭᠠᠵᠠ ᠶᠢ ᠰᠠᠬᠢᠬᠤ᠂ ᠤᠯᠡᠠ ᠨᠡᠶᠢᠲᠡ ᠶᠢᠨ ᠡᠮᠬᠢ ᠵᠢᠷᠤᠮ ᠢ ᠰᠠᠬᠢᠬᠤ᠂ ᠨᠡᠶᠢᠭᠡᠮ ᠨᠡᠶᠢᠲᠡ ᠶᠢᠨ ᠶᠣᠰᠣ ᠮᠣᠷᠠᠯ ᠢ ᠬᠦᠨᠳᠦᠳᠬᠡᠬᠦ ᠲᠤᠬᠠᠶ ᠤᠬᠠᠭᠤᠯᠭ᠎ᠠ ᠶᠢᠨ ᠠᠵᠢᠯ ᠢ ᠬᠢᠬᠦ︔      ︵ᠠᠷᠪᠠ︶ ᠰᠠᠭᠤᠭᠠᠯᠢ ᠠᠷᠠᠳ ᠤᠨ ᠠᠰᠠᠷᠠᠮᠵᠢ ᠶᠢᠨ ᠬᠤᠯᠪᠣᠭᠳᠠᠯ ᠪᠦᠬᠦᠢ ᠠᠵᠢᠯ ᠳᠤ ᠢᠳᠡᠪᠬᠢᠲᠡᠶ ᠣᠷᠣᠯᠴᠠᠵᠤ ᠲᠡᠭᠦᠨ ᠢ ᠬᠠᠪᠰᠤᠷᠤᠨ ᠬᠢᠬᠦ᠃ 
ᠢᠷᠡᠯᠲᠡ᠄ ᠥᠪᠦᠷ ᠮᠤᠩᠭᠤᠯ ᠤᠨ ᠲᠣᠳᠤᠭᠠᠳᠤ ᠶᠢ ᠬᠠᠮᠠᠭᠠᠯᠠᠬᠤ ᠲᠢᠩᠬᠢᠮ