ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠵᠦᠢᠯ ᠳᠤ ᠴᠣᠬᠢᠯᠲᠠ ᠥᠭᠬᠦ ᠤᠬᠠᠭᠤᠯᠭ᠎ᠠ  ᠶᠢᠨ  ᠬᠦᠳᠡᠯᠭᠡᠬᠡᠨ ᠥᠷᠨᠢᠭᠦᠯᠵᠦ ᠬᠠᠪᠤᠷ ᠤᠨ ᠤᠯᠠᠷᠢᠯ ᠤᠨ ᠲᠠᠷᠢᠶᠠᠯᠠᠭ᠎ᠠ ᠳᠤ ᠪᠠᠲᠤᠯᠠᠭ᠎ᠠ ᠬᠠᠩᠭᠠᠪᠠ
ᠨᠡᠶᠢᠲᠡᠯᠡᠭᠰᠡᠨ ᠴᠠᠭ᠄
2022/5/5
      ᠪᠦᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠳᠣᠯᠠᠬᠤ᠂ ᠲᠠᠷᠢᠶᠠᠯᠠᠩ ᠤᠨ ᠬᠡᠷᠡᠭᠰᠡᠯ ᠤᠨ ᠬᠦᠷᠢᠶᠡᠨ ᠳᠠᠬᠢ ᠡᠵᠡᠩᠨᠡᠨ ᠡᠷᠬᠢᠯᠡᠬᠦ ᠣᠷᠴᠢᠨ ᠲᠣᠭᠤᠷᠢᠨ ᠢ ᠳᠦᠷᠢᠮᠵᠢᠭᠦᠯᠬᠦ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠲᠠᠷᠢᠶᠠᠨ ᠦᠷ᠎ᠡ ᠪᠠ ᠡᠮ ᠪᠣᠷᠣᠯᠠᠭᠤᠯᠬᠤ ᠬᠤᠳᠠᠯᠳᠤᠭ᠎ᠠ ᠵᠡᠷᠭᠡ ᠣᠯᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠣᠷᠣᠯᠠᠭᠤᠯᠬᠤ ᠭᠠᠵᠠᠷ ᠵᠢᠴᠢ ᠬᠥᠮᠦᠨ ᠬᠠᠷ᠎ᠠ ᠣᠯᠠᠨ ᠲᠠᠯᠠᠪᠠᠢ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯ ᠬᠠᠭᠤᠷᠮᠠᠭ ᠴᠢᠨᠠᠷ ᠮᠠᠭᠤ ᠲᠠᠸᠠᠷ ᠲᠤ ᠴᠣᠬᠢᠯᠲᠠ ᠥᠭᠬᠦ ᠪᠠ ᠢᠲᠡᠭᠡᠮᠵᠢᠲᠡᠢ ᠲᠠᠷᠢᠶᠠᠯᠠᠩ ᠤᠨ ᠬᠡᠷᠡᠭᠰᠡᠯ ᠢ ᠬᠥᠳᠡᠭᠡ ᠪᠠᠭᠤᠯᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
微信图片_20220327100912.jpg
      ᠠᠵᠢᠯᠯᠠᠭ᠎ᠠ ᠶᠢᠨ ᠬᠤᠭᠤᠴᠠᠭᠠᠨ ᠳᠤ᠂ ᠴᠠᠭᠳᠠᠭ᠎ᠠ ᠨᠠᠷ ᠡᠯᠭᠦᠮᠡᠯ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠢ ᠶᠢᠨ ᠲᠠᠯᠠᠪᠠᠢ ᠶᠢᠨ ᠠᠰᠠᠭᠤᠨ ᠯᠠᠪᠯᠠᠯᠲᠠ ᠶᠢ ᠬᠦᠯᠢᠶᠡᠬᠦ ᠵᠡᠷᠭᠡ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠣᠩᠭᠤᠨ ᠬᠤᠳᠠᠯᠳᠤᠨ ᠠᠪᠬᠤ ᠳᠤ ᠠᠩᠬᠠᠷᠬᠤ ᠵᠦᠢᠯ ᠢ ᠲᠠᠨᠢᠯᠴᠠᠭᠤᠯᠬᠤ ᠶᠢᠨ ᠬᠠᠮᠲᠤ ᠲᠠᠷᠢᠶᠠᠴᠢᠳ ᠲᠤ ᠬᠤᠳᠠᠯᠳᠤᠨ ᠠᠪᠤᠭᠰᠠᠨ ᠭᠡᠷᠡᠴᠢ ᠪᠠᠷᠢᠮᠲᠠ ᠪᠠᠨ ᠡᠷᠬᠡᠪᠰᠢ ᠰᠠᠢᠲᠤᠷ ᠬᠠᠳᠠᠭᠠᠯᠠᠨ ᠬᠠᠮᠢᠶᠠᠷᠬᠤ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠠᠷᠠᠳ ᠤᠨ ᠴᠠᠭᠳᠠᠭ᠎ᠠ ᠨᠠᠷ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠭᠴᠢᠳ ᠲᠤ ᠬᠤᠳᠠᠯ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ ᠶᠢᠨ ᠨᠡᠶᠢᠭᠡᠮ ᠤᠨ ᠬᠤᠣᠷ ᠬᠥᠨᠥᠭᠡᠯᠲᠦ ᠴᠢᠨᠠᠷ ᠪᠣᠯᠤᠨ ᠡᠭᠦᠷᠭᠡᠯᠡᠪᠡᠰᠦ ᠵᠣᠬᠢᠬᠤ ᠬᠠᠤᠯᠢ ᠴᠠᠭᠠᠵᠠ ᠶᠢᠨ ᠦᠷ᠎ᠡ ᠳ᠋ᠦᠩ ᠢ ᠲᠠᠶᠢᠯᠪᠤᠷᠢᠯᠠᠪᠠ᠃
微信图片_20220327100925.jpg
      ᠲᠤᠰ ᠤᠳᠠᠭ᠎ᠠ ᠶᠢᠨ ᠠᠵᠢᠯᠯᠠᠭ᠎ᠠ ᠳᠤ ᠨᠡᠢᠲᠡ 300 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠤᠬᠠᠭᠤᠯᠭ᠎ᠠ ᠬᠢᠬᠦ ᠪᠠᠷ ᠳᠠᠮᠵᠢᠨ ᠥᠷᠭᠡᠨ ᠣᠯᠠᠨ ᠲᠠᠷᠢᠶᠠᠴᠢᠨ ᠲᠦᠮᠡᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ᠂ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠬᠠᠤᠯᠢᠵᠢᠯᠲᠠ ᠶᠢ ᠠᠬᠢᠭᠤᠯᠤᠭᠰᠠᠨ ᠪᠠᠶᠢᠪᠠ᠃
ᠢᠷᠡᠯᠲᠡ᠄ ᠬᠢᠩᠭᠠᠨ ᠠᠶᠢᠮᠠᠭ ᠤᠨ ᠲᠤᠲᠤᠭᠠᠲᠤ ᠶᠢ ᠬᠠᠮᠠᠭᠠᠯᠠᠬᠤ ᠲᠤᠪᠴᠢᠶ᠎ᠠ