ᠲᠢᠶᠧ ᠰᠢ ᠶᠢᠨ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠪᠠᠨ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠤᠨ ᠡᠮᠬᠢ ᠳᠢᠭᠯᠢᠮ ᠢ ᠬᠠᠮᠠᠭᠠᠯᠠᠬᠤ ᠵᠢᠴᠢ ᠠᠮᠤᠷ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2022/5/5
     ᠤᠷᠴᠢᠮ ᠤᠨ ᠡᠳᠦᠷ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠬᠦ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠪᠠᠷ᠂ ᠲᠢᠶᠧ ᠰᠢ ᠵᠡᠭᠡᠯᠢ ᠶᠢᠨ ᠤᠯᠠᠭᠠᠨᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠠᠴᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠴᠣᠩᠬᠤᠪᠴᠢ ᠨᠢᠭᠡᠴᠢ ᠶᠢᠨ ᠠᠵᠢᠯᠲᠠᠨ ᠵᠡᠷᠭᠡ ᠭᠤᠣᠯᠳᠠᠯᠭ᠎ᠠ ᠲᠠᠢ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠬᠢᠪᠡ᠃
微信图片_20220225093512.jpg    
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠢ ᠲᠣᠭᠲᠠᠭᠤᠨ ᠪᠠᠶᠢᠯᠭᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠢᠶᠧ ᠰᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠵᠢᠴᠢ ᠬᠠᠪᠰᠤᠷᠤᠭᠴᠢ ᠴᠠᠭᠳᠠᠭ᠎ᠠ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠮᠴᠢ ᠰᠤᠪᠢᠯᠠᠭᠴᠢ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠮᠥᠷᠥ ᠵᠡᠷᠭᠡᠴᠡᠨ ᠪᠠᠶᠢᠯᠳᠤᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ ᠪᠠ ᠤᠯᠠᠨ ᠲᠦᠮᠡᠨ ᠳᠤ ᠦᠢᠯᠡᠴᠢᠯᠡᠬᠦ ᠬᠠᠮᠤᠭ ᠤᠨ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ᠂ ᠤᠯᠠᠭᠠᠨᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠤᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠡᠮᠬᠢ ᠳᠢᠭᠯᠢᠮ ᠢ ᠬᠠᠮᠠᠭᠠᠯᠠᠵᠤ᠂ ᠪᠦᠬᠦ ᠲᠠᠯ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠪᠠᠲᠤ ᠪᠠᠬᠢ ᠰᠠᠭᠤᠷᠢ ᠲᠠᠯᠪᠢᠪᠠ᠃
 微信图片_20220225093528.jpg    
      ᠰᠢᠯᠭᠠᠨ ᠪᠠᠶᠢᠴᠠᠭᠠᠵᠤ ᠡᠬᠢᠯᠡᠭᠰᠡᠨ ᠤ ᠳᠠᠷᠠᠭ᠎ᠠ᠂ ᠲᠢᠶᠧ ᠰᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠵᠢᠴᠢ ᠬᠠᠪᠰᠤᠷᠤᠭᠴᠢ ᠴᠠᠭᠳᠠᠭ᠎ᠠ ᠪᠣᠯᠣᠨ ᠨᠡᠶᠢᠭᠡᠮ ᠲᠣᠭᠤᠷᠢᠭ ᠤᠨ ᠠᠵᠢᠯᠲᠠᠨ ᠵᠢᠴᠢ ᠰᠠᠶᠢᠨ ᠳᠤᠷ᠎ᠠ ᠶᠢᠨ ᠦᠢᠯᠡᠴᠢᠯᠡᠭᠴᠢᠳ ᠬᠠᠮᠲᠤ ᠪᠠᠷ ᠲᠤᠬᠠᠢ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠵᠤ᠂ ᠡᠭᠦᠨ ᠤ ᠬᠠᠮᠲᠤ ᠲᠤᠬᠠᠢ ᠶᠢᠨ ᠲᠠᠯᠠᠪᠤᠷ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯᠲᠠᠨ ᠢ ᠬᠥᠲᠥᠯᠥᠨ ᠵᠢᠯᠤᠭᠤᠳᠴᠤ ᠰᠠᠯᠭᠠᠨ ᠲᠣᠬᠢᠷᠠᠭᠤᠯᠵᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠬᠢᠬᠦ ᠪᠠᠷ ᠢᠷᠡᠭᠰᠡᠨ ᠣᠯᠠᠨ ᠲᠦᠮᠡᠨ ᠢ ᠰᠢᠪᠠᠳᠠᠨ ᠠᠮᠠᠪᠴᠢ ᠵᠡᠭᠦᠯᠭᠡᠵᠦ᠂ ᠨᠢᠭᠡ ᠮᠧᠲᠷ ᠠᠴᠠ ᠳᠡᠭᠡᠭᠰᠢ ᠵᠠᠢ  ᠳᠤ ᠡᠮᠬᠢ ᠵᠢᠷᠤᠮ ᠲᠠᠢ ᠪᠠᠷ ᠮᠥᠷᠯᠡᠭᠦᠯᠵᠦ᠂ ᠲᠦᠷᠭᠡᠨ ᠪᠠᠶᠢᠴᠠᠭᠠᠨ ᠰᠢᠯᠭᠠᠬᠤ ᠣᠷᠴᠢᠨ ᠨᠥᠬᠦᠴᠡᠯ ᠢ ᠬᠠᠩᠭᠠᠨ ᠥᠭᠴᠦ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠪᠠ᠃      ᠲᠣᠰ ᠤᠳᠠᠭᠠᠨ ᠤ ᠠᠮᠤᠷ ᠢ ᠬᠠᠮᠠᠭᠠᠯᠠᠬᠤ ᠦᠢᠯᠡᠴᠢᠯᠡᠭᠡ ᠳᠤ ᠲᠢᠶ᠋ᠧ ᠰᠢ ᠶᠢᠨ ᠲᠣᠮᠢᠯᠠᠭᠰᠠᠨ ᠰᠠᠯᠪᠤᠷᠢ ᠨᠡᠶᠢᠲᠡ 8 ᠴᠠᠭᠳᠠᠭ᠎ᠠ ᠲᠣᠮᠢᠯᠠᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠤᠨ ᠲᠤᠬᠠᠢ ᠶᠢᠨ ᠲᠠᠯᠠᠪᠤᠷ ᠤᠨ ᠡᠮᠬᠢ ᠵᠢᠷᠤᠮ ᠢ ᠬᠦᠴᠦᠲᠡᠢ ᠬᠠᠮᠠᠭᠠᠯᠠᠵᠤ᠂ ᠨᠡᠶᠢᠭᠡᠮ ᠤᠨ ᠪᠠᠶᠢᠳᠠᠯ ᠤᠨ ᠲᠣᠭᠲᠠᠭᠤᠨ ᠪᠠᠶᠢᠳᠠᠯ ᠢ ᠪᠠᠲᠤᠯᠠᠭᠰᠠᠨ ᠪᠠᠶᠢᠪᠠ᠃
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ