︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠢ ᠰᠤᠷᠤᠯᠴᠠᠨ ᠲᠤᠭᠤᠰᠢᠯᠠᠭᠤᠯᠵᠤ ᠯᠠᠪᠳᠠᠭᠤᠨ ᠪᠠᠲᠤᠲᠠᠶ ᠰᠠᠶᠢᠲᠤᠷ ᠠᠳᠬᠤᠵᠤ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/5/9
            ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂                 ᠲᠢᠩᠬᠢᠮ ᠤᠨ ᠳᠠᠷᠤᠭ᠎ᠠ ᠾᠧᠩ ᠰᠢᠶᠤᠤ ᠹᠠᠨ     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠵᠠᠬᠢᠳᠠᠯ ᠰᠤᠷᠪᠤᠯᠵᠢᠯᠠᠯ ᠤᠨ ᠠᠵᠢᠯ ᠳᠤ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠶᠢᠨ ᠰᠢᠨᠵᠢᠯᠡᠬᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ ᠪᠣᠯᠤᠭᠰᠠᠨ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠪᠣᠯ ᠵᠠᠬᠢᠳᠠᠯ ᠰᠤᠷᠪᠤᠯᠵᠢᠯᠠᠯ ᠤᠨ ᠠᠵᠢᠯ ᠤᠨ ᠲᠡᠤᠬᠡᠨ ᠳᠡᠭᠡᠷᠡᠬᠢ ᠠᠩᠬᠠᠳᠠᠭᠴᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠮᠥᠨ᠂ ᠲᠡᠤᠬᠡ ᠶᠢᠨ ᠰᠢᠨ᠎ᠡ ᠭᠠᠷᠤᠭ᠎ᠠ ᠠᠴᠠ ᠵᠠᠬᠢᠳᠠᠯ ᠰᠤᠷᠪᠤᠯᠵᠢᠯᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠤᠳᠤᠷᠢᠳᠤᠯᠭ᠎ᠠ ᠳᠣᠣᠷ᠎ᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ  ᠲᠠᠢ  ᠦᠨᠡᠨ  ᠬᠦ  ᠨᠢᠭᠡᠳᠬᠡᠵᠦ ᠂  ᠥᠪᠡᠷᠲᠡᠭᠡᠨ  ᠵᠠᠰᠠᠬᠤ  ᠣᠷᠣᠨ ᠤ ︽ᠲᠠᠪᠤᠨ ᠶᠡᠭᠡ ᠤᠯᠤᠰ ᠲᠦᠷᠦ ᠶᠢᠨ ᠬᠠᠷᠢᠭᠤᠴᠠᠯᠭ᠎ᠠ︾ ᠶᠢ ᠪᠠᠲᠤ ᠴᠡᠭᠡᠵᠢᠯᠡᠵᠦ᠂ ᠤᠯᠤᠰ ᠲᠦᠷᠦ ᠶᠢ ᠲᠡᠷᠢᠭᠦᠨ ᠳᠤ ᠲᠠᠯᠪᠢᠬᠤ᠂ ᠤᠯᠠᠨ ᠲᠦᠮᠡᠨ ᠢ ᠲᠡᠷᠢᠭᠦᠨ ᠳᠤ ᠲᠠᠯᠪᠢᠬᠤ᠂ ᠦᠨᠳᠦᠰᠦᠨ ᠱᠠᠳᠤ ᠶᠢ ᠲᠡᠷᠢᠭᠦᠨ ᠳᠤ ᠲᠠᠯᠪᠢᠬᠤ᠂ ᠠᠷᠠᠳ ᠤᠨ ᠴᠠᠭᠳᠠᠭ᠎ᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ  ᠲᠣᠭᠤᠷᠢᠨ  ᠢ  ᠪᠤᠢ  ᠪᠣᠯᠭᠠᠬᠤ ᠬᠡᠷᠡᠭᠲᠡᠢ᠃      ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠵᠠᠬᠢᠳᠠᠯ ᠰᠤᠷᠪᠤᠯᠵᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠂ ᠹᠦᠵᠢᠶᠠᠨ ᠤ ᠨᠢᠩᠳᠧ ᠳᠤ ᠠᠵᠢᠯᠯᠠᠵᠤ ᠪᠠᠶᠢᠬᠤ ᠳᠤ ᠪᠠᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠠᠵᠢᠯ ᠢ ᠦᠨᠳᠦᠰᠦᠨ ᠱᠠᠲᠤᠨ ᠳᠤ ᠪᠠᠭᠤᠯᠭᠠᠬᠤ᠂ ᠲᠤᠬᠠᠶ ᠶᠢᠨ ᠲᠠᠯᠠᠪᠤᠷ ᠲᠤ ᠠᠵᠢᠯᠯᠠᠬᠤ ᠶᠢ ᠦᠨᠳᠦᠰᠦᠨ ᠱᠠᠲᠤᠨ ᠳᠤ ᠪᠠᠭᠤᠯᠭᠠᠬᠤ᠂ ᠪᠠᠶᠢᠴᠠᠭᠠᠨ ᠰᠤᠳᠤᠯᠤᠯᠲᠠ ᠬᠢᠬᠦ ᠠᠵᠢᠯ ᠢ ᠦᠨᠳᠦᠰᠦᠨ ᠱᠠᠲᠤᠨ ᠳᠤ ᠪᠠᠭᠤᠯᠭᠠᠬᠤ᠂ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠤᠬᠠᠭᠤᠯᠬᠤ ᠶᠢ ᠦᠨᠳᠦᠰᠦᠨ ᠱᠠᠲᠤᠨ ᠳᠤ ᠪᠠᠭᠤᠯᠭᠠᠬᠤ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ ᠶᠢ ᠳᠤᠷᠠᠳᠪᠠ︔ ᠵᠧᠵᠢᠶᠠᠩ ᠮᠤᠵᠢ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠬᠤ ᠳᠤ ᠪᠠᠨ ᠫᠦᠵᠢᠶᠠᠩ ᠰᠢᠶᠠᠨ ᠳᠤ ᠬᠦᠷᠴᠦ ᠳᠣᠷᠣᠭᠰᠢ ᠪᠠᠭᠤᠵᠤ ᠵᠠᠬᠢᠳᠠᠯ ᠰᠤᠷᠪᠤᠯᠵᠢᠯᠠᠯ ᠢ ᠬᠦᠯᠢᠶᠡᠵᠦ᠂ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠮᠤᠵᠢ ᠶᠢᠨ ᠱᠠᠲᠤᠨ ᠤ ᠤᠳᠤᠷᠢᠳᠬᠤ ᠺᠠᠳ᠋ᠷᠴᠤᠳ ᠤᠨ ᠳᠣᠷᠣᠭᠰᠢ ᠪᠠᠭᠤᠵᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠠᠩᠬᠠᠨ ᠤ ᠵᠠᠮ ᠢ ᠨᠡᠭᠡᠭᠡᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠠᠯᠢ ᠣᠯᠠᠨ ᠴᠢᠬᠤᠯᠠ ᠵᠢᠭᠠᠪᠤᠷᠢ ᠪᠠ ᠴᠢᠬᠤᠯᠠ ᠥᠭᠦᠯᠡᠯᠲᠡ ᠭᠠᠷᠭᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠨᠢ ᠶᠠᠭᠤ ᠪᠣᠯᠬᠤ᠂ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠬᠡᠷᠬᠢᠨ ᠦᠵᠡᠬᠦ᠂ ᠵᠠᠬᠢᠳᠠᠯ ᠰᠤᠷᠪᠤᠯᠵᠢᠯᠠᠯ ᠤᠨ ᠠᠵᠢᠯ ᠢ ᠬᠡᠷᠬᠢᠨ ᠬᠢᠬᠦ ᠵᠡᠷᠭᠡ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠰᠢᠰᠲ᠋ᠧᠮ ᠲᠠᠢ ᠬᠠᠷᠢᠭᠤᠯᠲᠠ ᠥᠭᠴᠦ᠂ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠦᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠤᠳᠤᠷᠢᠳᠬᠤ ᠺᠠᠳ᠋ᠷᠴᠤᠳ ᠤᠨ ᠰᠤᠷᠪᠤᠯᠵᠢᠯᠠᠯ ᠢ ᠬᠦᠯᠢᠶᠡᠨ ᠠᠪᠬᠤ ᠪᠠ ᠳᠣᠷᠣᠭᠰᠢ ᠪᠠᠭᠤᠵᠤ ᠬᠡᠷᠡᠭ ᠢ ᠳᠠᠭᠠᠭᠠᠴᠢᠯᠠᠬᠤ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠲᠠᠢ ᠪᠠᠶᠢᠬᠤ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠰᠢᠢᠳᠪᠦᠷᠢᠯᠡᠪᠡ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠦᠨᠳᠦᠰᠦᠨ ᠰᠢᠨᠵᠢ ᠴᠢᠨᠠᠷ᠂ ᠦᠨᠳᠦᠰᠦᠨ ᠵᠣᠭᠰᠣᠯᠲᠠ᠂ ᠤᠳᠤᠷᠢᠳᠬᠤ ᠪᠠᠶᠢᠭᠤᠯᠤᠮᠵᠢ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠭᠤᠣᠯᠳᠠᠯᠭ᠎ᠠ ᠲᠠᠢ ᠡᠭᠦᠷᠭᠡ᠂ ᠥᠭᠡᠷᠡᠴᠢᠯᠡᠯᠲᠡ ᠶᠢᠨ ᠴᠢᠭᠯᠡᠯ᠂ ᠠᠷᠭ᠎ᠠ ᠬᠡᠯᠪᠡᠷᠢ᠂ ᠬᠦᠴᠦᠯᠡᠬᠦ ᠭᠤᠣᠯᠳᠠᠯᠭ᠎ᠠ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠭᠦᠨᠵᠡᠭᠡᠢ ᠤᠢᠢᠯᠠᠭᠠᠨ ᠡᠵᠡᠮᠳᠡᠵᠦ᠂ ᠤᠬᠠᠮᠰᠠᠷ ᠠᠴᠠ ᠪᠠᠨ ᠨᠠᠮ ᠤᠨ ᠲᠥᠯᠥᠭᠡ ᠲᠦᠷᠦ ᠶᠢ ᠰᠠᠬᠢᠵᠤ ᠠᠷᠠᠳ ᠤᠨ ᠰᠡᠳᠬᠢᠯ ᠢ ᠰᠠᠬᠢᠬᠤ᠂ ᠰᠠᠭᠤᠷᠢ ᠶᠢ ᠪᠠᠲᠤᠳᠬᠠᠨ ᠪᠠᠬᠢᠵᠢᠭᠦᠯᠬᠦ ᠦᠨᠳᠦᠷᠴᠡ ᠠᠴᠠ ᠵᠠᠬᠢᠳᠠᠯ ᠰᠤᠷᠪᠤᠯᠵᠢᠯᠠᠯ ᠤᠨ ᠠᠵᠢᠯ ᠢ ᠲᠠᠨᠢᠵᠤ ᠲᠡᠭᠦᠨ ᠳᠤ ᠬᠠᠨᠳᠤᠬᠤ ᠬᠡᠷᠡᠭᠲᠡᠢ︔ ᠡᠷᠬᠡᠪᠰᠢ ᠵᠠᠬᠢᠳᠠᠯ ᠰᠤᠷᠪᠤᠯᠵᠢᠯᠠᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ᠂ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠵᠠᠬᠢᠳᠠᠯ ᠰᠤᠷᠪᠤᠯᠵᠢᠯᠠᠯ ᠤᠨ ᠲᠦᠷᠢᠮ ᠤᠨ ᠳᠠᠪᠠᠭᠤᠯᠢᠭ ᠢ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠳᠤ ᠢᠳᠡᠪᠬᠢᠲᠡᠢ  ᠬᠦᠴᠦᠨ  ᠴᠢᠳᠠᠯ  ᠢᠶᠠᠨ  ᠡᠷᠭᠦᠬᠦ  ᠬᠡᠷᠡᠭᠲᠡᠢ  ︔  ᠡᠷᠬᠡᠪᠰᠢ  ᠤᠯᠤᠰ  ᠲᠦᠷᠦ  ᠶᠢᠨ  ᠵᠣᠭᠰᠣᠴᠠ  ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠬᠤᠶᠠᠷ ᠬᠠᠯᠬᠠᠪᠴᠢ︾ ᠶᠢᠨ ᠰᠢᠳᠤᠷᠭᠤ ᠬᠠᠮᠠᠭᠠᠯᠠᠭᠴᠢ ᠪᠣᠯᠬᠤ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠶᠠᠷ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠷᠤᠮᠵᠢᠯᠲᠠ ᠬᠠᠤᠯᠢᠵᠢᠯᠲᠠ ᠳᠦᠷᠢᠮᠵᠢᠯᠲᠡ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠪᠣᠯ ᠵᠠᠬᠢᠳᠠᠯ ᠰᠤᠷᠪᠤᠯᠵᠢᠯᠠᠯ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠲᠦᠷᠢᠮ ᠤᠨ ᠲᠤᠬᠢᠷᠠᠭᠤᠯᠤᠯᠳᠠ ᠮᠥᠨ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ᠂ ᠨᠠᠮ ᠪᠠ ᠵᠠᠰᠠᠭ ᠤᠨ ᠣᠷᠳᠣᠨ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠰᠠᠶᠢᠵᠢᠷᠠᠭᠤᠯᠬᠤ ᠶᠢ ᠴᠢᠩᠭᠠᠳᠬᠠᠬᠤ ᠴᠢᠬᠤᠯᠠ ᠲᠦᠷᠢᠮ ᠤᠨ ᠪᠠᠲᠤᠯᠠᠭ᠎ᠠ ᠮᠥᠨ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠣᠯᠠᠨ ᠬᠥᠮᠥᠨ ᠤ ᠴᠢᠨᠠᠷᠲᠠᠶ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠪᠠ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠳᠤ ᠲᠣᠳᠣᠷᠬᠠᠶᠢᠯᠠᠭᠰᠠᠨ ᠡᠯ᠎ᠡ ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠨᠠᠮ ᠤᠨ ᠬᠤᠷᠢᠶᠠᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠬᠤ᠂ ᠵᠠᠬᠢᠳᠠᠯ ᠰᠤᠷᠪᠤᠯᠵᠢᠯᠠᠯ ᠤᠨ ᠠᠵᠢᠯ ᠢ ᠰᠤᠳᠤᠯᠤᠨ ᠪᠠᠶᠢᠷᠢᠯᠠᠭᠤᠯᠬᠤ᠂ ᠳᠣᠣᠷ᠎ᠠ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠶᠢ ᠳᠡᠮᠵᠢᠬᠦ ᠪᠠ ᠱᠠᠯᠠᠪᠳᠠᠭᠤᠯᠬᠤ ᠵᠡᠷᠭᠡ ᠲᠣᠭᠲᠠᠴᠠ ᠶᠢ ᠪᠠᠶᠢᠭᠤᠯᠤᠨ  ᠲᠡᠭᠦᠯᠳᠡᠷᠵᠢᠭᠦᠯᠵᠦ᠂ ᠤᠳᠤᠷᠢᠳᠬᠤ ᠺᠠᠳ᠋ᠷᠴᠤᠳ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠪᠠ ᠳᠣᠷᠣᠭᠰᠢ ᠪᠠᠭᠤᠵᠤ ᠵᠠᠬᠢᠳᠠᠯ ᠰᠤᠷᠪᠤᠯᠵᠢᠯᠠᠯ ᠢ ᠬᠦᠯᠢᠶᠡᠬᠦ ᠲᠣᠭᠲᠠᠴᠠ ᠵᠡᠷᠭᠡ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠳᠤ ᠲᠣᠳᠣᠷᠬᠠᠶᠢᠯᠠᠭᠰᠠᠨ ᠡᠭᠦᠷᠭᠡ ᠪᠠ ᠱᠠᠭᠠᠷᠳᠠᠯᠭ᠎ᠠ ᠶᠢ ᠵᠠᠳᠠᠯᠤᠨ ᠨᠠᠷᠢᠯᠢᠬᠵᠢᠭᠤᠯᠵᠤ᠂ ᠠᠷᠢᠯᠭᠠᠬᠤ ᠲᠣᠭᠲᠠᠴᠠ ᠶᠢ ᠪᠦᠷᠢᠨᠰᠢᠭᠦᠯᠦᠨ᠂ ᠰᠢᠢᠳᠪᠦᠷᠢᠯᠡᠬᠦ ᠵᠢᠷᠤᠮ ᠢ ᠲᠡᠭᠦᠯᠳᠡᠷᠵᠢᠭᠦᠯᠵᠦ᠂ ᠪᠦᠬᠦᠨ ᠢ ᠬᠠᠮᠤᠷᠤᠭᠰᠠᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠷᠤᠮᠵᠢᠯᠲᠠ᠂ ᠬᠠᠤᠯᠢᠵᠢᠯᠲᠠ᠂ ᠳᠦᠷᠢᠮᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠨᠠᠮ ᠤᠨ ᠵᠣᠪᠠᠨᠢᠯ ᠢ ᠬᠤᠪᠢᠶᠠᠯᠴᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠵᠠᠪᠠᠯ ᠣᠯᠠᠨ ᠲᠦᠮᠡᠨ ᠢ ᠳᠣᠲᠣᠨᠣ ᠬᠥᠮᠦᠰ ᠢᠶᠠᠨ ᠪᠣᠯᠭᠠᠵᠤ᠂ ᠠᠷᠠᠳ ᠤᠨ ᠶᠠᠪᠤᠳᠠᠯ ᠢ ᠥᠪᠡᠷ ᠤᠨ ᠶᠠᠪᠤᠳᠠᠯ ᠢᠶᠠᠷ ᠦᠵᠡᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠠᠤᠯᠢ ᠶᠣᠰᠣᠭᠠᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠵᠥᠷᠢᠴᠡᠯ ᠢ ᠡᠬᠢ ᠡᠭᠦᠰᠦᠯ ᠠᠴᠠ ᠨᠢ ᠵᠠᠰᠠᠵᠤ ᠶᠢ ᠪᠠᠷᠢᠮᠲᠠᠯᠠᠵᠤ᠂ ᠰᠦᠯᠵᠢᠶᠡᠨ ᠤ ᠵᠠᠬᠢᠳᠠᠯ ᠰᠤᠷᠪᠤᠯᠵᠢᠯᠠᠯ ᠤᠨ ᠵᠢᠭᠰᠠᠭᠠᠯ ᠤᠨ ᠭᠠᠵᠠᠷ ᠢ ᠡᠷᠡᠰ ᠪᠠᠲᠤ ᠰᠠᠬᠢᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠬᠡᠷᠡᠭ ᠢ ᠰᠢᠢᠳᠪᠦᠷᠢᠯᠡᠵᠦ ᠤᠴᠢᠷ ᠶᠠᠪᠤᠳᠠᠯ ᠢ ᠰᠢᠢᠳᠪᠦᠷᠢᠯᠡᠬᠦ᠂ ᠤᠴᠢᠷ ᠶᠠᠪᠤᠳᠠᠯ ᠪᠠ ᠰᠡᠳᠬᠢᠯ ᠤᠨ ᠵᠠᠩᠭᠢᠷᠠᠭ᠎ᠠ ᠶᠢ ᠴᠦᠮ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠢ ᠨᠠᠮ ᠪᠠ ᠵᠠᠰᠠᠭ ᠤᠨ ᠣᠷᠳᠣᠨ ᠢ ᠤᠯᠠᠮ ᠢᠲᠡᠭᠡᠭᠦᠯᠬᠦ ᠪᠣᠯᠭᠠᠵᠤ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠤᠯᠠᠨ ᠲᠥᠮᠡᠨᠴᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃      ᠭᠤᠷᠪᠠ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠣᠯᠣᠨ᠎ᠠ᠂ ᠡᠶᠢᠮᠦ ᠨᠢᠭᠡᠨ ᠣᠨᠴᠠᠭᠠᠢ ᠪᠥᠭᠡᠳ ᠴᠢᠬᠤᠯᠠ ᠵᠢᠯ ᠳᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠤᠯᠤᠰ ᠲᠦᠷᠦ ᠶᠢᠨ ᠤᠬᠠᠮᠰᠠᠷ ᠪᠣᠯᠤᠨ ᠠᠮᠤᠷ ᠲᠦᠪᠰᠢᠨ ᠪᠠᠶᠢᠬᠤ ᠦᠶ᠎ᠡ ᠳᠤ ᠪᠠᠨ ᠠᠶᠤᠯ ᠲᠦᠭᠰᠢᠭᠦᠷᠢ ᠶᠢ ᠮᠠᠷᠲᠠᠬᠤ ᠦᠭᠡᠢ ᠪᠠᠶᠢᠬᠤ ᠰᠠᠨᠠᠭᠠᠰᠢᠷᠠᠯ ᠤᠨ ᠤᠬᠠᠮᠰᠠᠷ ᠢᠶᠠᠨ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ᠥᠪᠥᠷ ᠮᠣᠩᠭᠤᠯ ᠤᠨ ᠲᠣᠭᠲᠠᠭᠤᠨ ᠢᠶᠠᠷ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠵᠤ᠂ ᠨᠡᠶᠢᠰᠯᠡᠯ ᠤᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠬᠤ ᠪᠠ ᠦᠢᠯᠡᠳᠦᠯᠭᠡᠵᠢᠭᠦᠯᠬᠦ ᠶᠢ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠤᠨ ᠦᠨᠳᠦᠰᠦᠨ ᠠᠴᠠ ᠨᠢ ᠵᠠᠰᠠᠬᠤ ᠪᠣᠳᠣᠯᠭ᠎ᠠ ᠪᠣᠯᠭᠠᠵᠤ᠂ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠬᠦᠨᠳᠦ ᠬᠠᠷᠢᠭᠤᠴᠠᠯᠭ᠎ᠠ ᠶᠢ ᠡᠪᠦᠷᠯᠡᠨ ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ ︽ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠳᠠᠪᠬᠤᠷᠳᠠᠭᠤᠯᠤᠨ ᠰᠤᠷᠪᠤᠯᠵᠢᠯᠠᠯ ᠬᠢᠬᠦ ᠶᠢ ᠵᠠᠰᠠᠬᠤ᠂ ᠲᠣᠭᠲᠠᠭᠤᠨ ᠢ ᠠᠬᠢᠭᠤᠯᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠷᠠᠳ ᠲᠦᠮᠡᠨ ᠤ ᠲᠤᠰᠬᠠᠯ ᠴᠢᠩᠭ᠎ᠠ᠂ ᠤᠳᠠᠭᠠᠰᠢᠷᠠᠭᠤᠯᠤᠭᠠᠳ ᠰᠢᠢᠳᠪᠦᠷᠢᠯᠡᠬᠦ ᠦᠭᠡᠢ ᠪᠠᠶᠢᠭ᠎ᠠ ᠵᠠᠬᠢᠳᠠᠯ ᠰᠤᠷᠪᠤᠯᠵᠢᠯᠠᠯ ᠤᠨ ᠬᠡᠷᠡᠭ ᠢ ᠪᠣᠭᠤᠮᠲᠠ ᠰᠢᠪᠠᠳᠠᠭᠤᠯᠤᠨ ᠰᠢᠢᠳᠪᠦᠷᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠬᠥᠮᠦᠨ ᠤ ᠰᠡᠳᠬᠢᠯ ᠢ ᠲᠣᠭᠲᠠᠭᠤᠨ ᠪᠠᠶᠢᠯᠭᠠᠪᠠᠯ ᠨᠡᠶᠢᠭᠡᠮ ᠰᠠᠶ᠋ᠢ ᠲᠣᠭᠲᠠᠭᠤᠨ ᠪᠠᠶᠢᠵᠤ ᠴᠢᠳᠠᠬᠤ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠦᠨᠡᠨ ᠬᠦ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠢ᠃ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠠᠬᠢᠳᠠᠯ ᠰᠤᠷᠪᠤᠯᠵᠢᠯᠠᠯ ᠤᠨ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠡᠭᠦᠰᠦᠯ ᠤᠨ ᠦᠶ᠎ᠡ ᠳᠤ ᠠᠷᠢᠯᠭᠠᠬᠤ ᠰᠢᠢᠳᠪᠦᠷᠢᠯᠡᠬᠦ᠂ ᠭᠤᠤᠯᠳᠠᠯᠭ᠎ᠠ ᠲᠠᠢ ᠬᠥᠮᠥᠰ ᠢ ᠲᠣᠭᠲᠠᠭᠤᠨ ᠢᠶᠠᠷ ᠡᠵᠡᠮᠳᠡᠬᠦ ᠶᠢ ᠴᠢᠩᠭᠠᠳᠬᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯ ᠲᠦᠭᠰᠢᠭᠦᠷᠢ ᠶᠢ ᠦᠨᠳᠦᠰᠦᠨ ᠱᠠᠲᠤᠨ ᠳᠤ ᠠᠷᠢᠯᠭᠠᠬᠤ᠂ ᠲᠤᠬᠠᠶ ᠶᠢᠨ ᠭᠠᠵᠠᠷ ᠲᠤ ᠲᠣᠭᠲᠠᠭᠤᠨ ᠢᠶᠠᠷ ᠡᠵᠡᠮᠳᠡᠬᠦ ᠪᠠᠷ ᠴᠢᠷᠮᠠᠶᠢᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠦᠷᠢᠶᠡᠨ ᠳᠠᠬᠢ ︽ ᠳᠣᠬᠢᠶᠠᠯᠳᠤᠮᠵᠢ  ᠨᠢ  ᠪᠠᠭ᠎ᠠ  ᠪᠣᠯᠪᠠᠴᠤ  ᠲᠦᠭᠰᠢᠭᠦᠷᠢ  ᠶᠡᠬᠡᠲᠡᠢ︾ ︽ᠳᠣᠬᠢᠶᠠᠯᠳᠤᠮᠵᠢ ᠨᠢ ᠶᠡᠭᠡ ᠮᠥᠷᠲᠡᠭᠡᠨ ᠲᠦᠭᠰᠢᠭᠦᠷᠢ ᠶᠡᠬᠡᠲᠡᠢ︾ ᠲᠦᠭᠰᠢᠭᠦᠷᠢ ᠶᠢᠨ ᠬᠡᠮ ᠰᠣᠭᠤᠭ ᠢ ᠴᠢᠩᠭ᠎ᠠ ᠰᠡᠷᠭᠡᠶᠢᠯᠡᠬᠦ ᠬᠡᠷᠡᠭᠲᠡᠶ᠃ ᠤᠯᠤᠰ ᠲᠦᠷᠦ ᠶᠢᠨ ᠰᠡᠷᠭᠡᠭ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠤᠯᠤᠰ ᠲᠦᠷᠦ ᠶᠢᠨ ᠲᠠᠯ᠎ᠠ ᠠᠴᠠ ᠵᠠᠳᠠᠯᠬᠤ ᠶᠢ ᠪᠠᠷᠢᠮᠲᠠᠯᠠᠵᠤ᠂ ᠲᠤᠰᠬᠠᠢ ᠰᠡᠳᠦᠪ᠂ ᠭᠠᠵᠠᠷ ᠣᠷᠣᠨ᠂ ᠰᠠᠯᠠᠭ᠎ᠠ ᠮᠥᠴᠢᠷ ᠴᠠᠭᠳᠠᠭ᠎ᠠ ᠶᠢᠨ ᠲᠦᠷᠦᠯ ᠬᠤᠪᠢᠶᠠᠨ  ᠵᠠᠬᠢᠳᠠᠯ  ᠰᠤᠷᠪᠤᠯᠵᠢᠯᠠᠯ  ᠤᠨ  ᠠᠰᠠᠭᠤᠳᠠᠯ  ᠢ  ᠰᠤᠳᠤᠯᠤᠨ ᠮᠠᠭᠠᠳᠯᠠᠵᠤ᠂ ᠤᠯᠤᠰ ᠲᠦᠷᠦ ᠶᠢᠨ ᠠᠮᠤᠷ ᠲᠦᠪᠰᠢᠨ ᠤ ᠲᠠᠯ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠠᠵᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠡᠩ ᠰᠠᠶᠢᠲᠤᠷ ᠲᠤᠯᠭᠠᠭᠤᠷᠢᠯᠠᠵᠤ᠂ ᠤᠯᠤᠰ ᠲᠦᠷᠦ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠪᠣᠯᠤᠨ ᠥᠪᠡᠷᠲᠡᠭᠡᠨ ᠵᠠᠰᠠᠬᠤ ᠣᠷᠣᠨ ᠤ ︽ᠤᠳᠤᠷᠢᠳᠬᠤ ᠺᠠᠳ᠋ᠷᠴᠤᠳ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠳᠣᠷᠣᠭᠰᠢ ᠪᠠᠭᠤᠵᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠬᠡᠷᠡᠭ ᠢ ᠳᠠᠭᠠᠭᠠᠴᠢᠯᠠᠬᠤ ᠪᠠ ᠣᠯᠠᠨ ᠲᠦᠮᠡᠨ ᠤ ᠢᠷᠡᠭᠦᠯᠦᠭᠰᠡᠨ ᠵᠠᠬᠢᠳᠠᠯ ᠰᠤᠷᠪᠤᠯᠵᠢᠯᠠᠯ ᠢ ᠤᠩᠰᠢᠨ ᠴᠤᠬᠤᠯᠠᠪᠤᠷᠢᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠪᠣᠯᠵᠣᠵᠤ ᠰᠤᠷᠪᠤᠯᠵᠢᠯᠠᠯ ᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠪᠠ ᠤᠳᠤᠷᠢᠳᠬᠤ ᠺᠠᠳ᠋ᠷᠴᠤᠳ ᠤᠨ ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ᠂ ᠠᠩᠬᠠᠨ ᠤ ᠵᠠᠬᠢᠳᠠᠯ ᠰᠤᠷᠪᠤᠯᠵᠢᠯᠠᠯ ᠢ  ᠠᠩᠬ᠎ᠠ ᠬᠦᠯᠢᠶᠡᠨ ᠠᠪᠬᠤ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠷᠢᠭᠤᠴᠠᠯᠭ᠎ᠠ ᠶᠢ ᠴᠢᠩᠭ᠎ᠠ ᠪᠤᠲᠠᠲᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠳᠠᠪᠳᠠᠮᠵᠢ ᠶᠢ ᠨᠡᠮᠡᠭᠳᠡᠭᠦᠯᠬᠦ ᠳᠦᠷᠢᠮ ᠢ ᠴᠢᠩᠳᠠᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ︽ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠵᠠᠬᠢᠳᠠᠯ ᠰᠤᠷᠪᠤᠯᠵᠢᠯᠠᠯ ᠢ ᠬᠠᠮᠢᠶᠠᠷᠬᠤ︾᠂ ︽ᠰᠢᠰᠲ᠋ᠧᠮ ᠲᠠᠢ ᠠᠳᠬᠤᠬᠤ᠂ ᠰᠢᠰᠲ᠋ᠧᠮ ᠢ ᠠᠳᠬᠤᠬᠤ︾ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠡᠷᠭᠡᠶᠢᠯᠡᠨ ᠰᠢᠢᠳᠪᠦᠷᠢᠯᠡᠬᠦ ᠬᠡᠷᠡᠭᠲᠡᠢ᠃ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠠᠳᠬᠤᠵᠤ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠤᠨ ᠬᠠᠲᠠᠭᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠶᠡᠭᠡ ᠬᠢᠨᠠᠯᠲᠠ ᠲᠠᠯᠪᠢᠬᠤ︾ ᠶᠢᠨ ᠪᠠᠶᠢᠷᠢᠰᠢᠯ ᠵᠢᠴᠢ ᠠᠷᠪᠠᠨ ᠵᠦᠢᠯ ᠤᠨ ᠠᠵᠢᠯᠯᠠᠭᠠᠨ ᠤ ᠲᠣᠭᠲᠠᠴᠠ ᠪᠠ ︽ᠵᠢᠷᠭᠤᠭᠠᠨ ᠪᠣᠯᠵᠣᠨ ᠶᠠᠷᠢᠯᠴᠠᠬᠤ︾ ᠲᠣᠭᠲᠠᠴᠠ ᠶᠢ ᠥᠨᠳᠥᠷ ᠪᠦᠲᠦᠮᠵᠢᠲᠡᠶ ᠪᠠᠷ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠤᠨ ᠲᠤᠬᠠᠶ ᠳᠤᠰᠬᠠᠯ ᠲᠤᠪᠤᠶᠢᠮ᠎ᠠ᠂ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠬᠦ ᠦᠭᠡᠢ ᠪᠠᠶᠢᠪᠠᠯ᠂ ᠪᠣᠯᠵᠣᠨ ᠶᠠᠷᠢᠯᠴᠠᠬᠤ ᠶᠣᠰᠣᠲᠠᠶ ᠶᠢ ᠨᠢ ᠪᠣᠯᠵᠣᠨ ᠶᠠᠷᠢᠯᠴᠠᠵᠤ᠂ ᠵᠠᠷᠯᠠᠨ ᠮᠡᠳᠡᠭᠳᠡᠬᠦ ᠶᠣᠰᠣᠲᠠᠶ ᠶᠢ ᠨᠢ ᠵᠠᠷᠯᠠᠨ ᠮᠡᠳᠡᠭᠳᠡᠵᠦ᠂ ᠫᠠᠶᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠭᠦᠯᠬᠦ ᠶᠣᠰᠣᠲᠠᠶ ᠶᠢ ᠨᠢ ᠫᠠᠶᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠭᠦᠯᠵᠦ᠂ ᠪᠠᠶᠢᠴᠠᠭᠠᠨ ᠰᠢᠢᠳᠪᠦᠷᠢᠯᠡᠬᠦ ᠶᠣᠰᠣᠲᠠᠶ ᠶᠢ ᠨᠢ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠬᠠᠤᠯᠢ ᠶᠣᠰᠣᠭᠠᠷ ᠡᠷᠡᠰ ᠪᠠᠶᠢᠴᠠᠭᠠᠨ ᠰᠢᠢᠳᠪᠦᠷᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠠᠴᠠ ᠡᠮᠦᠨ᠎ᠡ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠯ ᠤᠨ ᠵᠦᠢᠯᠡᠰ ᠢ ᠦᠨᠳᠦᠰᠦᠨ ᠳᠤ ᠪᠠᠨ ᠰᠢᠢᠳᠪᠦᠷᠢᠯᠡᠵᠦ ᠳᠠᠭᠤᠰᠬᠠᠬᠤ ᠪᠠᠷ ᠴᠢᠷᠮᠠᠶᠢᠬᠤ ᠬᠡᠷᠡᠭᠲᠡᠢ᠃
ᠢᠷᠡᠯᠲᠡ᠄ ᠥᠪᠥᠷ ᠮᠣᠩᠭᠣᠯ ᠤᠨ ᠡᠳᠦᠷ ᠤᠨ ᠰᠣᠨᠢᠨ