ᠳᠣᠲᠣᠭᠠᠳᠤ ᠶᠢ ᠬᠠᠮᠠᠭᠠᠯᠠᠬᠤ ᠶᠠᠮᠤᠨ 2022 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/6/1
      ᠳᠣᠲᠣᠭᠠᠳᠤ ᠶᠢ ᠬᠠᠮᠠᠭᠠᠯᠠᠬᠤ ᠶᠠᠮᠤᠨ ᠲᠦᠷᠦᠭᠦᠬᠡᠨ ᠮᠡᠳᠡᠭᠳᠡᠯ ᠪᠠᠭᠤᠯᠭᠠᠵᠤ᠂ 2022 ᠣᠨ ᠤ ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠵᠦ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠠᠮᠤᠷ ᠲᠦᠪᠰᠢᠨ ᠢ ᠦᠨᠡᠨᠴᠢ ᠪᠠᠷ ᠪᠠᠲᠤᠯᠠᠬᠤ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠰᠦᠯ ᠲᠣᠭᠲᠠᠭᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠮᠤᠷ ᠲᠦᠪᠰᠢᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃       ᠳᠣᠲᠣᠭᠠᠳᠤ ᠶᠢ ᠬᠠᠮᠠᠭᠠᠯᠠᠬᠤ ᠶᠠᠮᠤᠨ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ  ᠪᠠᠷᠢᠮᠲᠠᠯᠠᠨ᠂ ᠰᠠᠨᠠᠭᠠᠰᠢᠷᠠᠬᠤ ᠤᠬᠠᠮᠰᠠᠷ  ᠢᠶᠠᠨ ᠴᠢᠩᠭᠠᠳᠬᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ᠂ ᠬᠡᠷ ᠪᠦᠯᠢ ᠳᠤ ᠭᠦᠨᠵᠡᠭᠡᠶᠢᠷᠡᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠢ ᠨᠥᠯᠥᠭᠡᠯᠡᠵᠦ ᠮᠡᠳᠡᠬᠦ ᠵᠥᠷᠢᠴᠡᠯ ᠤᠨ ᠳᠠᠯᠳᠠ ᠬᠡᠮ᠂ ᠢᠯᠠᠩᠭᠤᠶ᠎ᠠ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ ᠡᠭᠦᠰᠬᠦ ᠠᠶᠤᠯ ᠲᠦᠭᠰᠢᠭᠦᠷᠢ ᠶᠢ ᠥᠷᠭᠡᠨ ᠢᠶᠠᠷ ᠵᠢᠭᠰᠠᠭᠠᠨ ᠪᠠᠶᠢᠴᠠᠭᠠᠵᠤ᠂ ᠠᠷᠢᠯᠭᠠᠵᠤ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃       ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠲᠦᠷᠢᠶᠡᠰᠦᠨ ᠬᠡᠷ᠂ ᠰᠦᠯᠵᠢᠶᠡᠨ ᠤ ᠪᠠᠭᠠᠷ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠴᠡᠭ ᠵᠡᠷᠭᠡ ᠣᠷᠴᠢᠨ ᠲᠣᠭᠤᠷᠢᠨ ᠪᠤᠳᠤᠯᠢᠶᠠᠨᠲᠠᠶ ᠲᠠᠯᠠᠪᠤᠷ ᠭᠠᠵᠠᠷ ᠤᠨ ᠠᠮᠤᠷ ᠲᠦᠪᠰᠢᠨ ᠤ ᠪᠠᠶᠢᠴᠠᠭᠠᠯᠲᠠ ᠴᠡᠭᠴᠡᠯᠡᠯᠲᠡ ᠶᠢ ᠲᠥᠪᠯᠡᠷᠡᠭᠦᠯᠦᠨ ᠥᠷᠨᠢᠭᠦᠯᠵᠦ᠂ ᠲᠠᠭᠤ ᠱᠤᠤᠬᠢᠶᠠᠨ ᠡᠭᠦᠰᠬᠡᠵᠦ ᠰᠢᠯᠭᠠᠯᠲᠠ ᠶᠢ ᠬᠠᠷᠰᠢᠯᠠᠵᠤ ᠮᠡᠳᠡᠬᠦ ᠠᠵᠤ ᠠᠬᠤᠶᠢᠯᠠᠯ ᠨᠢᠭᠡᠴᠢ ᠳᠤ ᠤᠷᠢᠳᠴᠢᠯᠠᠨ ᠰᠡᠷᠡᠮᠵᠢᠯᠡᠭᠦᠯᠦᠨ ᠰᠠᠨᠠᠭᠤᠯᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ᠃       ︽ᠰᠢᠯᠭᠠᠯᠲᠠ ᠳᠤ ᠬᠠᠪᠰᠤᠷᠬᠤ︾ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠡᠯᠬᠢᠶ᠎ᠡ ᠶᠢ ᠪᠥᠬᠦ ᠲᠠᠯ᠎ᠠ ᠪᠠᠷ ᠲᠡᠰᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠡᠷᠡᠰ ᠬᠠᠮᠠᠭᠠᠯᠠᠬᠤ ᠬᠡᠷᠡᠭᠲᠡᠶ᠃       ᠭᠡᠮ ᠬᠢᠬᠦ ᠪᠠᠭᠠᠵᠢ ᠬᠡᠷᠡᠭᠰᠡᠯ ᠤᠨ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠰᠦᠯᠵᠢᠶᠡᠨ ᠤ ᠮᠡᠳᠡᠭᠡ ᠵᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ᠂ ᠴᠢᠮᠡᠭᠡ ᠬᠤᠯᠪᠣᠭᠠᠨ ᠤ ᠡᠯᠧᠺᠲᠷᠣᠨ ᠵᠠᠬ᠎ᠠ ᠳᠡᠯᠭᠡᠭᠦᠷ ᠪᠠ ᠡᠯᠧᠺᠲᠷᠣᠨ ᠬᠤᠳᠠᠯᠳᠤᠭᠠᠨ ᠤ ᠲᠠᠪᠴᠠᠩ ᠳᠤ ᠲᠤᠰᠬᠠᠶ  ᠴᠡᠭᠴᠡᠯᠡᠨ ᠵᠠᠰᠠᠯᠲᠠ ᠥᠷᠨᠢᠭᠦᠯᠵᠦ᠂ ᠰᠢᠯᠭᠠᠯᠲᠠ ᠳᠤ ᠭᠡᠮ ᠬᠢᠬᠦ ᠪᠠᠭᠠᠵᠢ ᠬᠡᠷᠡᠭᠰᠡᠯ ᠢ ᠪᠣᠷᠣᠯᠠᠭᠤᠯᠬᠤ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠭᠡᠮ ᠬᠢᠬᠦ ᠲᠥᠬᠦᠭᠡᠷᠦᠮᠵᠢ ᠶᠢ ᠲᠥᠪᠯᠡᠷᠡᠭᠦᠯᠦᠨ ᠬᠤᠷᠢᠶᠠᠨ ᠠᠪᠴᠤ᠂ ᠭᠡᠮ ᠬᠢᠬᠦ ᠪᠠᠭᠠᠵᠢ ᠬᠡᠷᠡᠭᠰᠡᠯ ᠢ ᠦᠢᠯᠡᠳᠪᠦᠷᠢᠯᠡᠵᠦ ᠪᠣᠷᠣᠯᠠᠭᠤᠯᠬᠤ ︽ᠬᠠᠷ᠎ᠠ ᠦᠢᠯᠡᠳᠪᠦᠷᠢ︾᠂ ︽ᠬᠠᠷ᠎ᠠ ᠦᠢᠯᠡᠳᠬᠡᠯ︾ ᠢ ᠭᠦᠨᠵᠡᠭᠡᠶ ᠠᠭᠤᠳᠠᠯᠤᠨ ᠲᠦᠢᠯᠪᠤᠷᠢᠲᠠᠶ ᠪᠠᠶᠢᠴᠠᠭᠠᠬᠤ ᠬᠡᠷᠡᠭᠲᠡᠶ᠃       ᠰᠤᠷᠭᠠᠨ ᠬᠥᠮᠦᠵᠢᠯ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠦᠯᠵᠢᠶᠡᠨ ᠳᠡᠭᠡᠷ᠎ᠡ ᠬᠡᠮ ᠬᠢᠬᠦ ᠪᠠᠭᠠᠵᠢ ᠬᠡᠷᠡᠭᠰᠡᠯ ᠪᠣᠷᠣᠯᠠᠭᠤᠯᠬᠤ᠂ ᠣᠷᠣᠯᠠᠨ ᠰᠢᠯᠭᠠᠬᠤ ᠶᠢ ᠵᠣᠬᠢᠶᠠᠨ ᠪᠠᠶᠢᠭᠤᠯᠬᠤ᠂ ᠬᠠᠷᠢᠭᠤᠯᠲᠠ ᠬᠤᠳᠠᠯᠳᠤᠬᠤ ᠵᠡᠷᠭᠡ ᠵᠠᠷ ᠮᠡᠳᠡᠭᠡ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠢᠯᠭᠠᠷᠠᠭᠤᠯᠵᠤ᠂ ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠠᠪᠰᠤᠷᠤᠨ ᠵᠢᠯᠣᠭᠤᠳᠬᠤ ᠪᠠᠶᠢᠭᠤᠯᠤᠮᠵᠢ ᠶᠢᠨ APP᠂ ᠰᠢᠯᠭᠠᠯᠲᠠ ᠳᠤ ᠬᠤᠯᠪᠣᠭᠳᠠᠬᠤ ᠰᠦᠯᠵᠢᠶ᠎ᠡ᠂ ᠨᠠᠭᠠᠯᠲᠠ ᠪᠠᠭᠠᠷ ᠵᠡᠷᠭᠡ ᠶᠢ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠰᠦᠯᠵᠢᠶᠡᠨ ᠳᠡᠭᠡᠷᠡᠬᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠬᠤᠯᠪᠣᠭᠳᠠᠬᠤ ᠬᠤᠳᠠᠯ ᠬᠠᠭᠤᠷᠮᠠᠭ ᠮᠡᠳᠡᠭᠡ ᠵᠠᠩᠭᠢ ᠪᠠ ᠬᠡᠮ ᠬᠢᠬᠦ ᠵᠡᠷᠭᠡ ᠬᠠᠤᠯᠢ ᠠᠴᠠ ᠵᠥᠷᠢᠴᠡᠭᠰᠡᠨ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠴᠠᠭ ᠲᠤᠬᠠᠶ ᠳᠤ ᠨᠢ ᠢᠯᠭᠠᠷᠠᠭᠤᠯᠬᠤ ᠬᠡᠷᠡᠭᠲᠡᠶ᠃       ︽ᠰᠢᠯᠭᠠᠯᠲᠠ ᠳᠤ ᠬᠠᠪᠰᠤᠷᠬᠤ︾ ᠶᠠᠯᠠᠲᠤ ᠠᠵᠢᠯᠯᠠᠭ᠎ᠠ ᠳᠤ ᠣᠨᠣᠴᠠᠲᠠᠢ ᠴᠣᠬᠢᠯᠲᠠ ᠥᠭᠬᠦ ᠶᠢ ᠭᠦᠨᠵᠡᠭᠡᠶᠢᠷᠡᠭᠦᠯᠵᠦ᠂ ᠬᠡᠷᠡᠭ ᠢ ᠳᠡᠩᠨᠡᠨ ᠰᠢᠢᠳᠪᠦᠷᠢᠯᠡᠬᠦ ᠶᠢ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠰᠢᠯᠭᠠᠯᠲᠠ ᠳᠤ ᠬᠤᠯᠪᠣᠭᠳᠠᠭᠰᠠᠨ ᠬᠦᠨᠳᠦ ᠶᠡᠭᠡ ᠬᠡᠷᠡᠭ ᠢ ᠫᠠᠶᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠵᠦ᠂ ᠲᠦᠷᠭᠡᠨ ᠲᠤᠷᠰᠢᠨ ᠪᠠᠶᠢᠴᠠᠭᠠᠵᠤ ᠲᠦᠷᠭᠡᠨ ᠢᠯᠡᠷᠡᠭᠦᠯᠬᠦ ᠬᠡᠷᠡᠭᠲᠡᠢ︔ ᠭᠠᠵᠠᠷ ᠣᠷᠣᠨ ᠠᠯᠤᠰᠯᠠᠭᠰᠠᠨ᠂ ᠬᠡᠮ ᠬᠢᠬᠦ ᠬᠡᠪᠴᠢᠶᠡᠲᠦ ᠵᠣᠬᠢᠶᠠᠨ ᠪᠠᠶᠢᠭᠤᠯᠤᠯᠲᠠ ᠶᠢᠨ ᠪᠦᠯᠦᠭᠯᠡᠯ ᠳᠤ ᠣᠷᠣᠨ ᠪᠦᠰᠡ ᠶᠢᠨ ᠬᠠᠮᠵᠢᠯᠴᠠᠨ ᠪᠠᠶᠢᠯᠳᠤᠬᠤ ᠶᠢ ᠬᠡᠷᠡᠭᠵᠢᠭᠦᠯᠵᠦ᠂ ᠴᠣᠬᠢᠯᠲᠠ ᠥᠭᠬᠦ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ︔ ᠣᠷᠣᠯᠠᠨ ᠰᠢᠯᠭᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠴᠠᠭ ᠲᠤᠬᠠᠶ ᠳᠤ ᠨᠢ ᠢᠯᠡᠷᠡᠭᠦᠯᠵᠦ᠂ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃       ᠳᠣᠲᠣᠭᠠᠳᠤ ᠶᠢ ᠬᠠᠮᠠᠭᠠᠯᠠᠬᠤ ᠶᠠᠮᠤᠨ ᠠᠴᠠ᠂ ᠰᠢᠯᠭᠠᠭᠤᠯᠤᠭᠰᠠᠳ ᠤᠨ ᠠᠮᠤᠷ ᠲᠦᠪᠰᠢᠨ᠂ ᠶᠠᠪᠤᠵᠤ ᠰᠠᠭᠤᠬᠤ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢ ᠭᠦᠨᠵᠡᠭᠡᠢ ᠨᠠᠷᠢᠯᠢᠭ ᠰᠠᠶᠢᠲᠤᠷ ᠬᠢᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠤᠷᠤᠭᠰᠢᠲᠠᠢ ᠶᠠᠪᠤᠭᠳᠠᠬᠤ ᠳᠤ ᠤᠨᠢᠨ ᠳᠡᠭᠡᠷ᠎ᠡ ᠨᠢ ᠬᠦᠴᠦᠨ ᠨᠡᠮᠡᠷᠢᠯᠡᠬᠦ ᠬᠡᠷᠡᠭᠲᠡᠢ᠃       ᠰᠢᠯᠭᠠᠯᠲᠠ ᠶᠢᠨ ᠴᠡᠭ ᠤᠨ ᠠᠮᠤᠷ ᠲᠦᠪᠰᠢᠨ ᠤ ᠰᠡᠷᠭᠡᠶᠢᠯᠡᠯᠲᠡ ᠬᠠᠮᠠᠭᠠᠯᠠᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠢᠯᠭᠠᠯᠲᠠ ᠶᠢᠨ ᠴᠡᠭ ᠤᠨ ᠰᠤᠷᠭᠠᠭᠤᠯᠢ ᠳᠤ ᠬᠥᠮᠦᠨ ᠤ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠶᠢ ᠪᠦᠷᠢᠨ ᠭᠦᠢᠴᠡᠳ ᠲᠣᠬᠢᠷᠠᠭᠤᠯᠤᠨ᠂ ᠠᠮᠤᠷ ᠲᠦᠪᠰᠢᠨ ᠤ ᠬᠢᠨᠠᠨ ᠬᠡᠮᠵᠢᠬᠦ ᠲᠥᠬᠦᠭᠡᠷᠦᠮᠵᠢ ᠶᠢᠨ ᠠᠵᠢᠯᠯᠠᠭᠠᠨ ᠨᠢ ᠰᠠᠶᠢᠨ ᠰᠠᠶᠢᠬᠠᠨ ᠪᠠᠶᠢᠬᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠬᠦᠭᠡᠷᠦᠮᠵᠢ ᠶᠢᠨ ᠪᠠᠶᠢᠳᠠᠯ ᠨᠢ ᠬᠡᠪ ᠤᠨ ᠪᠠᠶᠢᠬᠤ ᠶᠢ ᠦᠨᠡᠨ ᠬᠦ ᠪᠠᠲᠤᠯᠠᠵᠤ᠂ ᠠᠮᠤᠷ ᠢ ᠬᠠᠮᠠᠭᠠᠯᠠᠭᠴᠢ ᠪᠠ ᠰᠡᠷᠭᠡᠶᠢᠯᠡᠨ ᠬᠠᠮᠠᠭᠠᠯᠠᠬᠤ ᠪᠠᠭᠠᠵᠢ ᠬᠡᠷᠡᠭᠰᠡᠯ ᠢ ᠪᠦᠷᠢᠨ ᠭᠦᠢᠴᠡᠳ ᠪᠠᠶᠢᠯᠭᠠᠵᠤ᠂ ᠠᠮᠤᠷ ᠲᠦᠪᠰᠢᠨ ᠤ ᠪᠠᠶᠢᠴᠠᠭᠠᠯᠲᠠ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃       ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠡᠮᠬᠢ ᠳᠢᠭᠯᠢᠮ ᠤᠨ ᠬᠠᠮᠠᠭᠠᠯᠠᠯᠲᠠ ᠶᠢ ᠴᠢᠩᠭᠠᠳᠬᠠᠵᠤ᠂ ᠴᠠᠭᠳᠠᠭᠠᠨ ᠤ ᠬᠦᠴᠦᠨ ᠢ ᠲᠠᠯᠪᠢᠬᠤ ᠪᠠᠨ ᠴᠢᠩᠭᠠᠳᠬᠠᠵᠤ᠂ ᠴᠠᠭᠳᠠᠨ ᠪᠠᠶᠢᠴᠠᠭᠠᠬᠤ ᠨᠢᠭᠲᠠᠴᠠ ᠪᠠ ᠤᠳᠠᠭ᠎ᠠ ᠪᠠᠨ ᠳᠡᠭᠡᠭᠰᠢᠯᠡᠭᠦᠯᠬᠦ ᠬᠡᠷᠡᠭᠲᠡᠢ᠃       ︽ᠬᠠᠶᠢᠷ᠎ᠠ ᠪᠠᠷ ᠰᠢᠯᠭᠠᠯᠲᠠ ᠶᠢ ᠬᠠᠮᠠᠭᠠᠯᠠᠬᠤ︾ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠵᠠᠮ ᠬᠠᠷᠢᠯᠴᠠᠭ᠎ᠠ ᠶᠢ ᠰᠢᠯᠤᠭᠤᠳᠬᠠᠨ ᠵᠢᠯᠣᠭᠤᠳᠴᠤ ᠬᠠᠮᠢᠶᠠᠷᠤᠨ ᠡᠵᠡᠮᠳᠡᠬᠦ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠣᠭᠲᠠᠭᠠᠵᠤ᠂ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ᠂ ᠵᠠᠮ ᠬᠠᠷᠢᠯᠴᠠᠭᠠᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠵᠢᠯᠣᠭᠤᠳᠤᠮᠵᠢ ᠶᠢ ᠴᠢᠩᠭᠠᠳᠬᠠᠨ᠂ ᠰᠢᠯᠭᠠᠭᠤᠯᠤᠭᠴᠢ ᠶᠢ ᠲᠤᠰᠴᠤ ᠬᠦᠷᠭᠡᠬᠦ ᠲᠡᠷᠭᠡ ᠬᠥᠰᠬᠡ ᠳᠤ ᠲᠦᠷᠭᠡᠨ ᠪᠥᠭᠡᠳ ᠳᠥᠭᠦᠮ ᠳᠥᠲᠡ ᠨᠡᠪᠲᠡᠷᠡᠬᠦ ᠪᠠᠲᠤᠯᠠᠭ᠎ᠠ ᠬᠠᠩᠭᠠᠬᠤ ᠬᠡᠷᠡᠭᠲᠡᠶ᠃      ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ︽ᠰᠠᠭᠠᠳ ᠥᠬᠡᠶ ᠨᠡᠪᠲᠡᠷᠡᠬᠦ ᠵᠠᠮ︾ ᠢ ᠬᠠᠩᠭᠠᠵᠤ᠂ ᠭᠠᠷᠴᠤ ᠮᠡᠳᠡᠬᠦ ᠰᠢᠯᠭᠠᠭᠤᠯᠤᠭᠴᠢ ᠶᠢᠨ ᠭᠡᠷᠡᠴᠢ ᠦᠨᠡᠮᠯᠡᠯ ᠤᠨ ᠬᠤᠭᠤᠴᠠᠭ᠎ᠠ ᠨᠢ ᠬᠡᠲᠦᠷᠡᠭᠰᠡᠨ᠂ ᠮᠠᠷᠲᠠᠭᠰᠠᠨ᠂ ᠰᠢᠯᠭᠠᠯᠲᠠ ᠳᠤ ᠬᠦᠷᠭᠡᠬᠦ ᠲᠡᠷᠭᠡ ᠬᠥᠰᠬᠡ ᠶᠢᠨ ᠠᠳᠡᠯ᠂ ᠭᠡᠮᠲᠦᠯ ᠵᠡᠷᠭᠡ ᠭᠡᠨᠡᠳᠲᠡ ᠶᠢᠨ ᠪᠠᠶᠢᠳᠠᠯ ᠳᠤ ᠴᠢᠭᠯᠡᠭᠦᠯᠦᠨ᠂ ᠭᠡᠷᠡᠴᠢ ᠦᠨᠡᠮᠯᠡᠯ ᠭᠤᠶᠤᠴᠢᠯᠠᠨ ᠠᠪᠬᠤ ᠪᠠ ᠰᠣᠯᠢᠬᠤ ᠵᠡᠷᠭᠡ ︽ᠰᠠᠭᠠᠳ ᠥᠬᠡᠶ ᠨᠡᠪᠲᠡᠷᠡᠬᠦ ᠵᠠᠮ︾ ᠢ ᠤᠷᠢᠳᠴᠢᠯᠠᠨ ᠨᠡᠭᠡᠭᠡᠵᠦ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠴᠢᠮ ᠭᠤᠶᠤᠴᠢᠯᠠᠨ ᠠᠪᠬᠤ᠂ ᠰᠣᠯᠢᠵᠤ ᠠᠪᠬᠤ ᠰᠢᠯᠭᠠᠭᠤᠯᠤᠭᠴᠢ ᠶᠢ ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠨ᠂ ᠤᠷᠢᠳ ᠢᠶᠠᠷ ᠦᠨᠡᠮᠯᠡᠯ ᠵᠣᠬᠢᠶᠠᠵᠤ᠂ ᠤᠷᠢᠳ ᠢᠶᠠᠷ ᠬᠦᠷᠭᠡᠬᠦ ᠬᠡᠷᠡᠭᠲᠡᠶ︔ ᠰᠢᠯᠭᠠᠯᠲᠠ ᠳᠤ ᠬᠤᠯᠪᠣᠭᠳᠠᠭᠰᠠᠨ ᠲᠡᠷᠭᠡ ᠬᠥᠰᠬᠡ ᠬᠠᠤᠯᠢ ᠠᠴᠠ ᠬᠥᠩᠭᠡᠪᠲᠦᠷ ᠵᠥᠷᠢᠴᠡᠭᠰᠡᠨ ᠪᠠᠶᠢᠳᠠᠯ ᠳᠤ ᠴᠢᠭᠯᠡᠭᠦᠯᠦᠨ᠂ ᠰᠤᠷᠭᠠᠨ ᠬᠥᠮᠦᠵᠢᠭᠦᠯᠵᠦ ᠰᠡᠷᠡᠮᠵᠢ ᠥᠭᠭᠦᠭᠰᠡᠨ ᠤ ᠳᠠᠷᠠᠭ᠎ᠠ ᠴᠠᠭ ᠲᠤᠬᠠᠶ ᠳᠤ ᠨᠢ ᠲᠠᠯᠪᠢᠵᠤ ᠶᠠᠪᠤᠭᠤᠯᠤᠨ᠎ᠠ︔ ᠠᠳᠡᠯ᠂ ᠰᠠᠭᠠᠳ ᠭᠠᠷᠤᠭᠰᠠᠨ ᠪᠠᠶᠢᠳᠠᠯ ᠳᠤ ᠴᠢᠭᠯᠡᠭᠦᠯᠦᠨ᠂ ᠲᠦᠷᠭᠡᠨ ᠴᠠᠭᠳᠠᠭ᠎ᠠ ᠲᠣᠮᠢᠯᠠᠨ ᠰᠢᠢᠳᠪᠦᠷᠢᠯᠡᠵᠦ᠂ ᠴᠢᠬᠤᠯᠠᠲᠠᠶ ᠦᠶ᠎ᠡ ᠳᠤ ᠬᠠᠪᠰᠤᠷᠤᠨ ᠰᠢᠯᠵᠢᠭᠦᠯᠦᠨ ᠲᠡᠭᠡᠭᠡᠪᠦᠷᠢᠯᠡᠬᠦ ᠦᠢᠯᠡᠴᠢᠯᠡᠭᠡ ᠬᠠᠩᠭᠠᠨ᠎ᠠ᠃       ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠬᠢᠵᠢᠭ ᠲᠤ ᠬᠤᠯᠪᠣᠭᠳᠠᠬᠤ ᠠᠶᠤᠯ ᠲᠦᠭᠰᠢᠭᠦᠷᠢ ᠲᠠᠢ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠠᠷᠭ᠎ᠠ ᠴᠢᠨᠠᠷᠲᠠᠶ ᠰᠢᠯᠭᠠᠭᠤᠯᠤᠭᠴᠢ ᠶᠢ ᠰᠢᠯᠵᠢᠭᠦᠯᠦᠨ ᠵᠥᠭᠡᠭᠡᠪᠦᠷᠢᠯᠡᠬᠦ᠂ ᠲᠤᠰᠠᠭᠠᠷᠯᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠰᠠᠶᠢᠲᠤᠷ ᠬᠢᠵᠦ᠂ ︽ᠰᠢᠯᠭᠠᠭᠤᠯᠬᠤ ᠶᠣᠰᠣᠲᠠᠶ ᠪᠦᠬᠦᠨ ᠢ ᠰᠢᠯᠭᠠᠬᠤ︾ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠶᠠᠮᠤᠨ