ᠠᠪᠠᠭ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ︽ᠭᠤᠷᠪᠠ ᠶᠢ ᠪᠠᠶᠢᠴᠠᠭᠠᠵᠤ ᠨᠢᠬᠡ ᠶᠢ ᠡᠵᠡᠮᠳᠡᠬᠦ︾ ᠠᠵᠢᠯᠯᠠᠭ᠎ᠠ ᠶᠢ ᠢᠳᠡᠪᠬᠢᠳᠡᠢ ᠪᠠᠷ ᠦᠷᠨᠢᠬᠦᠯᠬᠦ ᠪᠠᠷ ᠲᠠᠮᠵᠢᠵᠤ 24 ᠵᠢᠯ ᠤᠷᠭᠤᠨ ᠲᠤᠳᠠᠭᠠᠭᠰᠠᠨ ᠠᠮᠢ ᠶᠢᠨ ᠬᠡᠷᠡᠭ ᠲᠠᠢ ᠬᠤᠯᠪᠤᠬᠳᠠᠬᠤ ᠨᠢᠬᠡᠨ ᠬᠡᠷᠡᠭ ᠤᠨ ᠰᠡᠵᠢᠭᠳᠡᠨ ᠢ ᠪᠠᠷᠢᠪᠴᠢᠯᠠᠪᠠ
ᠨᠡᠶᠢᠲᠡᠯᠡᠭᠰᠡᠨ ᠴᠠᠭ᠄
2022/6/16
       5 ᠳ᠋ᠤᠭᠠᠷ ᠰᠠᠷ᠎ᠠ ᠶᠢᠨ 13  ᠤ ᠡᠳᠦᠷ᠂ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠬᠢᠨ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠠᠴᠠ ᠲᠠᠮᠵᠢᠭᠤᠯᠤᠭᠰᠠᠨ ᠤᠯᠠᠭᠠᠨᠴᠠᠪ ᠠᠶᠢᠮᠠᠭ ᠤᠨ ᠴᠠᠬᠠᠷ ᠪᠠᠷᠠᠭᠤᠨ ᠭᠠᠷᠤᠨ ᠡᠮᠤᠨᠡᠳᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠬᠠᠮᠢᠶᠠᠷᠤᠯᠳᠠ ᠶᠢᠨ ᠲᠤᠭᠤᠷᠢᠭ ᠲᠤ ᠡᠭᠦᠰᠦᠭᠰᠡᠨ ᠨᠢᠬᠡᠨ ᠤᠳᠠᠭᠠᠨ ᠤ ᠠᠮᠢ ᠶᠢᠨ ᠬᠡᠷᠡᠭ ᠲᠠᠢ ᠬᠤᠯᠪᠤᠬᠳᠠᠬᠤ ᠬᠡᠷᠡᠭ  ᠤᠨ ᠰᠡᠵᠢᠭᠳᠡᠨ ᠢ ᠬᠠᠮᠵᠢᠨ ᠪᠠᠶᠢᠴᠠᠭᠠᠬᠤ ᠶᠢ ᠱᠠᠭᠠᠷᠳᠠᠬᠰᠠᠨ ᠲᠤᠰᠬᠠᠢ ᠤᠳᠠᠰᠤ ᠶᠢ ᠲᠣᠰᠬᠤ ᠳᠤ᠂ ᠬᠡᠷᠡᠭ ᠤᠨ ᠰᠡᠵᠢᠭᠳᠡᠨ 1998 ᠤᠨ ᠳᠤ ᠣᠷᠭᠤᠨ ᠲᠤᠳᠠᠭᠠᠵᠤ᠂ ᠰᠢᠯᠢᠩᠬᠤᠲᠠ ᠶᠢᠨ ᠤᠶᠢᠷ᠎ᠠ ᠤᠷᠴᠢᠮ ᠢᠶᠠᠷ ᠤᠷᠭᠤᠨ ᠲᠤᠳᠠᠭᠠᠵᠤ  ᠪᠠᠶᠢᠨ᠎ᠠ ᠬᠡᠳᠡᠭ ᠴᠢᠮᠡᠭᠡ ᠰᠤᠷᠠᠭ ᠲᠠᠢ ᠬᠡᠳᠡᠭ ᠮᠡᠳᠡᠬᠦᠯᠦᠯᠳᠡ ᠪᠠᠶᠢᠪᠠ᠃ 
      4926204afe5e43dff404d0b19de36b1.jpg
      ᠠᠪᠠᠭ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠬᠢᠨ ᠡᠨᠡ ᠬᠦ ᠬᠠᠮᠵᠢᠨ ᠪᠠᠶᠢᠴᠠᠭᠠᠬᠤ ᠮᠡᠳᠡᠬᠦᠯᠦᠯᠳᠡ ᠶᠢ ᠤᠯᠵᠤ ᠲᠤᠰᠤᠬᠰᠠᠨ ᠤ  ᠪᠠᠨ ᠲᠠᠷᠠᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠬᠢᠨ ᠨᠠᠮ ᠤᠨ ᠬᠤᠷᠢᠶ᠎ᠠ᠂ 5 ᠳ᠋ᠤᠭᠠᠷ ᠰᠠᠷ᠎ᠠ ᠶᠢᠨ 14 ᠤ 9 ᠴᠠᠭ ᠤᠨ ᠬᠢᠷᠢ ᠪᠠᠷ᠂ ᠴᠠᠭᠠᠨᠨᠠᠭᠤᠷ ᠲᠤᠳᠤᠭᠠᠳᠤ ᠶᠢ ᠬᠠᠮᠠᠭᠠᠯᠠᠬᠤ ᠰᠠᠯᠪᠤᠷᠢ ᠶᠢᠨ ᠬᠢᠨ ᠴᠠᠭᠳᠠᠭ᠎ᠠ ᠨᠠᠷ ᠢ ᠵᠤᠬᠢᠶᠠᠨ ᠪᠠᠶᠢᠭᠤᠯᠵᠤ᠂ ᠲᠠᠷᠤᠢ ᠲᠦᠷᠬᠡᠨ ᠬᠦᠳᠡᠯᠤᠯᠴᠡᠨ᠂ ︽ᠭᠤᠷᠪᠠ ᠶᠢ ᠪᠠᠶᠢᠴᠠᠭᠠᠵᠤ ᠨᠢᠬᠡ ᠶᠢ ᠡᠵᠡᠮᠳᠡᠬᠦ︾ ᠠᠵᠢᠯᠯᠠᠭ᠎ᠠ ᠪᠤᠯᠤᠨ ᠭᠠᠳᠠᠨᠠᠬᠢ ᠶᠠᠪᠤᠭᠤᠯ ᠤᠨ ᠬᠦᠮᠤᠰ ᠢ ᠨᠢᠬᠡᠳᠦᠯᠳᠡᠢ ᠪᠠᠶᠢᠴᠠᠭᠠᠨ ᠴᠡᠭᠴᠡᠯᠡᠬᠦ ᠠᠵᠢᠯᠯᠠᠭ᠎ᠠ ᠶᠢ ᠥᠷᠨᠢᠭᠦᠯᠪᠡ᠃ ᠡᠬᠦᠨ ᠳᠤ ᠴᠠᠭᠠᠨᠨᠠᠭᠤᠷ ᠰᠤᠮᠤᠨ ᠤ  ᠬᠡᠪᠴᠢᠶᠡᠨ ᠳᠤ ᠶᠠᠪᠤᠭᠤᠯ ᠤᠨ ᠬᠦᠮᠤᠨ ᠤ ᠡᠷᠦᠬᠡ ᠠᠮᠨ ᠶᠢᠨ ᠲᠠᠩᠰᠠ ᠡᠪᠬᠡᠮᠡᠯ ᠪᠤᠯᠤᠨ ᠪᠡᠶ᠎ᠡ ᠶᠢᠨ ᠦᠨᠡᠮᠯᠡᠯ ᠲᠠᠢ ᠨᠢᠭᠡ ᠬᠦᠮᠦᠨ ᠪᠠᠶᠢᠵᠤ᠂ ᠡᠨᠡ ᠬᠦᠮᠦᠨ ᠶᠠᠭ ᠰᠠᠶ᠋ᠢᠬᠠᠨ  ᠤᠯᠠᠭᠠᠨᠴᠠᠪ ᠠᠶᠢᠮᠠᠭ ᠤᠨ ᠴᠠᠬᠠᠷ ᠪᠠᠷᠠᠭᠤᠨ ᠭᠠᠷᠤᠨ ᠡᠮᠤᠨᠡᠳᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠬᠠᠮᠢᠶᠠᠷᠤᠯᠳᠠ ᠶᠢᠨ ᠲᠤᠭᠤᠷᠢᠭ ᠤᠨ ᠠᠮᠢ ᠶᠢᠨ  ᠬᠡᠷᠡᠭ ᠲᠠᠢ ᠬᠤᠯᠪᠤᠬᠳᠠᠬᠤ ᠬᠡᠷᠡᠭ ᠤᠨ ᠰᠡᠵᠢᠭᠳᠡᠨ ᠲᠠᠢ ᠨᠡᠯᠢᠶᠡᠳ ᠲᠦᠯᠦᠪ ᠲᠠᠢ ᠪᠠᠶᠢᠪᠠ᠃ ᠡᠨᠡ ᠬᠦ ᠪᠠᠶᠢᠳᠠᠯ ᠲᠤᠤᠷ᠎ᠠ᠂ ᠲᠤᠳᠤᠭᠠᠳᠤ ᠶᠢ ᠬᠠᠮᠠᠭᠠᠯᠠᠬᠤ ᠰᠠᠯᠪᠤᠷᠢ ᠶᠢᠨ ᠴᠠᠭᠳᠠᠭ᠎ᠠ ᠨᠠᠷ ᠲᠠᠷᠤᠢ ᠲᠦᠷᠬᠡᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠡᠷᠡᠬᠦᠤ ᠶᠢᠨ ᠴᠠᠬᠳᠠᠭ᠎ᠠ ᠶᠢᠨ ᠶᠡᠭᠡ ᠠᠩᠬᠢ ᠳᠤ ᠮᠡᠳᠡᠬᠦᠯᠵᠤ᠂ ᠲᠤᠰ ᠬᠦᠮᠤᠨ ᠢ ᠨᠡᠷᠢᠨ ᠬᠢᠨᠠᠮᠠᠭᠠᠢ ᠪᠠᠶᠢᠴᠠᠭᠠᠨ ᠲᠣᠳᠤᠯᠠᠭᠰᠠᠨ ᠢᠶᠠᠷ᠂ ᠲᠤᠰ ᠬᠦᠮᠤᠨ ᠶᠠᠭ ᠰᠠᠶ᠋ᠢᠬᠠᠨ ᠤᠯᠠᠭᠠᠨᠴᠠᠪ ᠠᠶᠢᠮᠠᠭ ᠤᠨ ᠴᠠᠬᠠᠷ ᠪᠠᠷᠠᠭᠤᠨ ᠭᠠᠷᠤᠨ ᠡᠮᠤᠨᠡᠳᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠬᠠᠮᠢᠶᠠᠷᠤᠯᠳᠠ ᠶᠢᠨ  ᠲᠤᠭᠤᠷᠢᠭ ᠲᠤ  ᠭᠠᠷᠤᠬᠰᠠᠨ ᠨᠢᠬᠡᠨ ᠤᠳᠠᠭᠠᠨ ᠤ ᠠᠮᠢ ᠶᠢᠨ ᠬᠡᠷᠡᠭ ᠲᠠᠢ ᠬᠤᠯᠪᠤᠬᠳᠠᠬᠤ  ᠬᠡᠷᠡᠭ ᠤᠨ ᠰᠡᠵᠢᠭᠳᠡᠨ ᠨᠠᠨ ᠰᠢᠶᠤᠤ ᠯᠢ  ᠪᠤᠯᠬᠤ ᠶᠢ ᠲᠣᠳᠤᠯᠠᠵᠤ ᠂ ᠬᠠᠤᠯᠢ ᠶᠤᠰᠤᠭᠠᠷ ᠪᠠᠷᠢᠪᠴᠢᠯᠠᠪᠠ᠃ 
20946a26574e77cb171adcf9c24a84b.jpg     
      ᠠᠪᠠᠭ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠬᠢᠨ ᠰᠢᠬᠦᠨ ᠪᠠᠶᠢᠴᠠᠭᠠᠯᠳᠠ ᠪᠠᠷ ᠲᠡᠮᠵᠢᠵᠤ᠂ ᠨᠠᠨ ᠰᠢᠶᠤᠤ ᠯᠢ ᠥᠪᠡᠷ ᠤᠨ ᠶᠠᠯᠠᠳᠤ ᠠᠵᠢᠯᠯᠠᠭ᠎ᠠ ᠬᠢᠭᠰᠡᠨ ᠢᠶᠠᠨ ᠦᠨᠡᠨ ᠮᠦᠨ ᠢᠶᠠᠷ ᠨᠢ ᠲᠤᠰᠢᠶᠠᠭᠰᠠᠨ ᠮᠥᠷᠳᠡᠭᠡᠨ ᠳᠡᠭᠦᠨ ᠢ  ᠬᠠᠤᠯᠢ ᠶᠤᠰᠤᠭᠠᠷ ᠤᠯᠠᠭᠠᠨᠴᠠᠪ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠳᠤ ᠬᠦᠷᠭᠡᠪᠡ ᠃      ᠤᠳᠤᠬᠠᠨ ᠳᠤ᠂ ᠠᠪᠠᠭ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠬᠢᠨ ᠨᠠᠮ ᠤᠨ ᠬᠤᠷᠢᠶᠠᠨ ᠤ ᠬᠢᠨ ᠦᠷᠬᠡᠨ ᠤᠯᠠᠨ ᠴᠠᠭᠳᠠᠭ᠎ᠠ ᠨᠠᠷ  ᠢᠶᠠᠨ ᠢᠳᠡᠪᠬᠢᠳᠡᠢ ᠪᠠᠷ ᠵᠤᠬᠢᠶᠠᠨ ᠪᠠᠶᠢᠭᠤᠯᠵᠤ᠂ ᠪᠦᠬᠦ ᠬᠤᠰᠢᠭᠤᠨ ᠤ ᠬᠡᠪᠴᠢᠶᠡᠨ ᠳᠤ᠂ ︽ᠭᠤᠷᠪᠠ ᠶᠢ ᠪᠠᠶᠢᠴᠠᠭᠠᠵᠤ ᠨᠢᠬᠡ ᠶᠢ ᠡᠵᠡᠮᠳᠡᠬᠦ︾ ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠷᠬᠡᠨ ᠤᠯᠠᠨ ᠠᠷᠠᠳ ᠲᠦᠮᠡᠨ ᠤ ᠠᠮᠤᠷ ᠲᠥᠪᠰᠢᠨ ᠪᠡ ᠨᠡᠶᠢᠬᠡᠮ ᠨᠡᠶᠢᠳᠡ ᠶᠢᠨ ᠠᠮᠤᠷ ᠲᠤᠬᠳᠠᠭᠤᠨ ᠢ ᠪᠠᠳᠤᠯᠠᠵᠤ᠂ ᠤᠮᠠᠷᠠᠳᠤ ᠬᠢᠯᠢ ᠶᠢᠨ ᠬᠠᠯᠬᠠᠪᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠷᠬᠡᠨ ᠤᠯᠠᠨ ᠠᠷᠠᠳ ᠲᠦᠮᠡᠨ ᠪᠤᠯᠤᠨ ᠨᠡᠶᠢᠬᠡᠮ ᠨᠡᠶᠢᠳᠡ ᠶᠢᠨ ᠬᠠᠯᠠᠭᠤᠨ ᠬᠦᠷᠢᠶᠡᠯᠡᠯ ᠮᠠᠬᠳᠠᠭᠠᠯ ᠰᠠᠶᠢᠰᠢᠶᠠᠯ ᠢ  ᠬᠦᠷᠳᠡᠵᠤ ᠪᠠᠶᠢᠨ᠎ᠠ᠃
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ