ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠬᠢᠯᠭᠠᠨ ᠬᠤᠯᠪᠣᠭᠠᠨ ᠤ ᠮᠡᠬᠡᠯᠡᠯ ᠤᠨ ᠨᠢᠭᠤᠴᠠ ᠣᠷᠤᠮᠵᠢ ᠶᠢ ᠰᠦᠢᠷᠡᠭᠦᠯᠪᠡ
ᠨᠡᠶᠢᠲᠡᠯᠡᠭᠰᠡᠨ ᠴᠠᠭ᠄
2022/6/16
      5 ᠳ᠋ᠤᠭᠠᠷ ᠰᠠᠷ᠎ᠠ ᠶᠢᠨ 12 ᠤᠨ ᠡᠳᠦᠷ ᠤᠨ 21 ᠴᠠᠭ ᠤᠨ ᠦᠶ᠎ᠡ ᠪᠠᠷ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠬᠢᠨ ᠨᠢᠭᠡᠨ ᠰᠠᠭᠤᠭᠠᠯᠢ ᠠᠷᠠᠳ ᠤᠨ ᠮᠡᠳᠡᠭᠦᠯᠦᠯᠲᠡ ᠶᠢ ᠲᠣᠰᠬᠤ  ᠳᠤ᠄ 5 ᠳ᠋ᠤᠭᠠᠷ ᠰᠠᠷ᠎ᠠ ᠶᠢᠨ 11 ᠠᠴᠠ 12 ᠤᠨ ᠡᠳᠦᠷ ᠪᠣᠯᠲᠠᠯ᠎ᠠ᠂ ᠲᠡᠭᠦᠨ ᠤ ᠥᠬᠢᠨ ᠳᠡᠭᠦᠦ ᠯᠢ ᠣᠪᠣᠭᠲᠤ ᠨᠢ ᠪᠤᠰᠤᠳ ᠬᠥᠮᠦᠨ ᠳᠣᠲᠣᠭᠠᠳᠤ ᠶᠢ ᠬᠠᠮᠠᠭᠠᠯᠠᠬᠤ ᠠᠵᠢᠯᠲᠠᠨ ᠤ ᠪᠡᠶ᠎ᠡ ᠬᠡᠮ ᠢᠶᠠᠷ ᠣᠪᠯᠠᠵᠤ᠂ ᠯᠢ ᠣᠪᠣᠭᠲᠤ ᠶᠢᠨ ᠪᠡᠶ᠎ᠡ ᠬᠡᠮ ᠤᠨ ᠮᠡᠳᠡᠭᠡ ᠵᠠᠩᠭᠢ ᠨᠢ ᠯᠡᠪᠡᠷᠡᠭᠰᠡᠨ ᠠᠴᠠ ᠪᠣᠯᠵᠣ ᠪᠤᠰᠤᠳ ᠬᠡᠷᠡᠭ ᠲᠤ ᠬᠤᠯᠪᠣᠭᠳᠠᠭᠰᠠᠨ ᠢᠶᠠᠷ ᠰᠢᠯᠲᠠᠭ ᠪᠣᠯᠭᠠᠵᠤ᠂ 270 ᠲᠦᠮᠡᠨ ᠲᠥᠭᠦᠷᠢᠭ ᠣᠷᠴᠢᠮ ᠠᠷᠠᠳ ᠤᠨ ᠵᠣᠭᠤᠰ ᠮᠡᠬᠡᠯᠡᠭᠰᠡᠨ ᠪᠠᠶᠢᠨ᠎ᠠ ᠭᠡᠪᠡ᠃
AH0I2932.JPG    
      ᠬᠡᠷᠡᠭ ᠡᠭᠦᠰᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠤᠤᠯ ᠤᠳᠤᠷᠢᠳᠤᠯᠭ᠎ᠠ ᠲᠡᠷᠡ ᠳᠠᠷᠤᠶ ᠳᠤ ᠨᠢ ᠴᠣᠬᠤᠯᠠᠪᠤᠷᠢ ᠥᠭᠴᠦ᠂ ᠪᠥᠬᠦ ᠬᠦᠴᠦᠨ ᠢᠶᠠᠷ ᠢᠶᠠᠨ ᠬᠡᠷᠡᠭ ᠢ ᠢᠯᠡᠷᠡᠭᠦᠯᠵᠦ᠂ ᠪᠤᠵᠠᠷ ᠡᠳ᠋ ᠢ ᠨᠡᠬᠡᠮᠵᠢᠯᠡᠨ ᠬᠤᠬᠢᠷᠠᠯ ᠢ ᠨᠥᠬᠦᠪᠥᠷᠢᠯᠡᠵᠦ᠂ ᠬᠤᠲᠠ ᠶᠢᠨ ᠳᠡᠳ᠋ ᠳᠠᠷᠤᠭ᠎ᠠ ᠳᠠᠷᠬᠠᠨᠬᠦᠦ ᠪᠡᠶ᠎ᠡ ᠪᠠᠷ ᠢᠶᠠᠨ ᠵᠢᠯᠣᠭᠤᠳᠤᠨ ᠲᠣᠬᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ  ᠴᠠᠭᠳᠠᠭᠠᠨ ᠤ ᠰᠠᠯᠪᠤᠷᠢ ᠠᠩᠭᠢ᠂ ᠴᠢᠮᠡᠭᠡ ᠮᠡᠳᠡᠭᠡ ᠵᠢᠯᠤᠭᠤᠳᠬᠤ ᠲᠥᠪ᠂ ᠬᠠᠤᠯᠢ ᠲᠦᠷᠢᠮ᠂ ᠠᠮᠤᠷ ᠢ ᠬᠠᠮᠠᠭᠠᠯᠠᠬᠤ᠂ ᠲᠣᠮᠢᠯᠠᠭᠰᠠᠨ ᠰᠠᠯᠪᠤᠷᠢ ᠵᠡᠷᠭᠡ ᠴᠠᠭᠳᠠᠭᠠᠨ ᠤ ᠲᠥᠷᠥᠯ ᠤᠨ ᠰᠠᠯᠠᠭ᠎ᠠ ᠮᠥᠴᠢᠷ ᠤᠨ ᠬᠤᠷᠴᠠ ᠴᠢᠳᠠᠮᠠᠭᠠᠶ ᠴᠠᠭᠳᠠᠭ᠎ᠠ ᠶᠢ ᠦᠳᠲᠡᠷ ᠲᠦᠷᠭᠡᠨ ᠴᠤᠭᠯᠠᠭᠤᠯᠤᠨ ︽5.12︾ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠵᠤ᠂ ᠮᠡᠳᠡᠭᠡ ᠵᠠᠩᠭᠢ ᠶᠢ ᠰᠤᠳᠤᠯᠤᠨ ᠮᠠᠭᠠᠳᠯᠠᠬᠤ ᠳᠤᠭᠤᠶᠢᠯᠠᠩ᠂ ᠭᠠᠳᠠᠭᠰᠢ ᠰᠢᠯᠵᠢᠭᠦᠯᠦᠨ ᠪᠠᠷᠢᠪᠴᠢᠯᠠᠬᠤ ᠳᠤᠭᠤᠶᠢᠯᠠᠩ᠂ ᠶᠠᠷᠢᠶ᠎ᠠ ᠬᠡᠯᠡᠯᠴᠡᠭᠡ ᠶᠢ ᠵᠢᠯᠣᠭᠤᠳᠤᠨ ᠡᠵᠡᠮᠳᠡᠬᠦ ᠳᠤᠭᠤᠶᠢᠯᠠᠩ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠳᠤᠭᠤᠶᠢᠯᠠᠩ᠂ ᠬᠠᠤᠯᠢ ᠲᠦᠷᠢᠮ ᠤᠨ ᠬᠢᠨᠠᠨ ᠬᠠᠷᠭᠤᠭᠤᠯᠬᠤ ᠳᠤᠭᠤᠶᠢᠯᠠᠩ ᠵᠡᠷᠭᠡ 5 ᠠᠵᠢᠯᠯᠠᠬᠤ ᠳᠤᠭᠤᠶᠢᠯᠠᠩ ᠪᠠᠶᠢᠭᠤᠯᠵᠤ᠂ ᠬᠡᠷᠡᠭ ᠢ ᠳᠡᠩᠨᠡᠨ ᠰᠢᠢᠳᠪᠦᠷᠢᠯᠡᠬᠦ ᠠᠵᠢᠯ ᠢ ᠳᠠᠷᠤᠶ ᠲᠦᠷᠭᠡᠨ ᠥᠷᠨᠢᠭᠦᠯᠪᠡ ᠃ ᠬᠤᠲᠠ ᠶᠢᠨ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ ᠠᠩᠭᠢ ᠶᠢᠨ ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ ᠲᠥᠪ ᠤᠨ ᠪᠥᠬᠦ ᠬᠦᠴᠦᠨ ᠤ ᠳᠡᠮᠵᠢᠯᠭᠡ ᠳᠤᠤᠷ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ ᠲᠥᠪ ᠲᠠᠢ ᠢᠳᠡᠪᠬᠢᠲᠡᠶ ᠨᠡᠪᠲᠡᠷᠡᠯᠴᠡᠨ ᠵᠣᠯᠭᠠᠯᠳᠤᠵᠤ᠂ ᠲᠢᠩᠬᠢᠮ᠂ ᠬᠤᠲᠠ᠂ ᠬᠤᠰᠢᠭᠤ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠵᠦ ᠬᠠᠮᠲᠤ ᠪᠠᠷ ᠰᠤᠳᠤᠯᠤᠨ ᠮᠠᠭᠠᠳᠯᠠᠵᠤ ᠂ ᠶᠠᠯ᠎ᠠ ᠬᠢᠭᠰᠡᠨ ᠰᠡᠵᠢᠭᠳᠡᠨ ᠤ ᠪᠡᠶ᠎ᠡ ᠬᠡᠮ ᠤᠨ ᠮᠡᠳᠡᠭᠡ ᠵᠠᠩᠭᠢ᠂  ᠣᠷᠤᠰᠢᠨ ᠰᠠᠭᠤᠷᠢᠰᠢᠬᠤ ᠣᠷᠤᠨ ᠪᠠᠶᠢᠷᠢ ᠶᠢ ᠪᠠᠶᠢᠴᠠᠭᠠᠨ᠂ ᠠᠰᠠᠭᠤᠨ ᠯᠠᠪᠯᠠᠬᠤ᠂ ᠮᠥᠩᠬᠦ ᠳᠠᠮᠵᠢᠭᠤᠯᠬᠤ ᠶᠢ ᠵᠣᠭᠰᠣᠭᠠᠬᠤ᠂ ᠴᠡᠪᠳᠡᠭᠯᠡᠬᠦ ᠶᠠᠪᠤᠴᠠ ᠶᠢ ᠵᠡᠷᠭᠡ ᠪᠠᠷ ᠡᠬᠢᠯᠡᠭᠦᠯᠵᠦ᠂ ᠬᠡᠷᠡᠭ ᠢ ᠲᠠᠩᠨᠠᠨ ᠢᠯᠡᠷᠡᠭᠦᠯᠬᠦ ᠠᠵᠢᠯ ᠢ ᠦᠳᠲᠡᠷ ᠲᠦᠷᠭᠡᠨ ᠡᠮᠬᠢ ᠵᠢᠷᠤᠮ ᠲᠠᠢ ᠥᠷᠨᠢᠭᠦᠯᠪᠡ᠃
AH0I2957.JPG     
      5 ᠳ᠋ᠤᠭᠠᠷ ᠰᠠᠷ᠎ᠠ ᠶᠢᠨ 15 ᠠᠴᠠ 18 ᠤ ᠡᠳᠦᠷ ᠪᠣᠯᠲᠠᠯᠠᠬᠢ ᠵᠥᠪᠬᠡᠨ 4 ᠡᠳᠦᠷ ᠤᠨ ᠬᠤᠭᠤᠴᠠᠭᠠᠨ ᠳᠤ᠂ ᠤᠷᠢᠳ ᠬᠤᠵᠢᠳ 11 ᠮᠤᠵᠢ ᠬᠤᠲᠠ ᠪᠠᠷ ᠮᠥᠷᠲᠡᠨ ᠪᠠᠷᠢᠪᠴᠢᠯᠠᠬᠤ ᠠᠵᠢᠯ ᠥᠷᠨᠢᠭᠦᠯᠵᠦ᠂ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠢᠭᠲᠠ ᠬᠠᠮᠵᠢᠯᠴᠠᠭ᠎ᠠ ᠳᠤᠤᠷ᠎ᠠ ᠤᠷᠢᠳ ᠬᠤᠵᠢᠳ 18 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ ︵3 ᠶᠠᠯ᠎ᠠ ᠬᠢᠭᠰᠡᠨ ᠰᠡᠵᠢᠭᠳᠡᠨ ᠢ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠪᠠᠶᠢᠴᠠᠭᠠᠨ ᠰᠢᠢᠳᠪᠦᠷᠢᠯᠡᠭᠦᠯᠵᠦ︶᠂ 1 ᠮᠥᠩᠬᠦ ᠤᠬᠢᠶᠠᠬᠤ ᠨᠢᠭᠤᠴᠠ ᠣᠷᠤᠮᠵᠢ ᠶᠢ ᠰᠦᠢᠷᠡᠭᠦᠯᠪᠡ᠃        ᠣᠳᠣᠬᠠᠨ ᠳᠤ 15 ᠶᠠᠯ᠎ᠠ ᠬᠢᠭᠰᠡᠨ ᠰᠡᠵᠢᠭᠳᠡᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃ ᠬᠡᠷᠡᠭ ᠢ ᠮᠥᠨ ᠬᠦ ᠤᠯᠠᠮ ᠨᠢᠭᠡ ᠠᠯᠬᠤᠮ ᠳᠡᠩᠨᠡᠨ ᠪᠠᠶᠢᠴᠠᠭᠠᠵᠤ᠂ ᠭᠦᠨᠵᠡᠭᠡᠶ ᠠᠭᠤᠳᠠᠯᠤᠨ ᠨᠠᠷᠢᠯᠢᠭ ᠪᠠᠶᠢᠴᠠᠭᠠᠵᠤ᠂ ᠪᠠᠶᠢᠯᠳᠤᠭᠠᠨ ᠤ ᠦᠷ᠎ᠡ ᠪᠦᠳᠦᠮᠵᠢ ᠪᠠᠨ ᠥᠷᠭᠡᠳᠬᠡᠨ᠂ ᠬᠤᠬᠢᠷᠠᠯ ᠢ ᠪᠦᠬᠦ ᠬᠦᠴᠦᠨ ᠢᠶᠠᠷ ᠢᠶᠠᠨ ᠡᠭᠡᠭᠦᠯᠦᠨ ᠠᠪᠴᠢᠷᠠᠵᠤ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ