ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/16
     ᠥᠷᠭᠡᠨ ᠣᠯᠠᠨ ᠮᠠᠯᠴᠢᠨ ᠲᠦᠮᠡᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠦᠵᠡᠯ ᠤᠬᠠᠮᠰᠠᠷ ᠢ ᠶᠢ ᠬᠦᠴᠦᠯᠡᠨ ᠳᠡᠭᠡᠭᠰᠢᠯᠡᠭᠦᠯᠬᠦ᠂ ᠮᠠᠯᠴᠢᠨ ᠲᠦᠮᠡᠨ ᠤ ᠦᠨᠳᠦᠰᠦᠨ ᠠᠰᠢᠭ ᠲᠤᠰᠠ ᠶᠢ ᠦᠨᠡᠨ ᠬᠦ ᠬᠠᠮᠠᠭᠠᠯᠠᠬᠤ᠂ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠬᠤ᠂ ︽ᠬᠥᠮᠦᠨ ᠪᠦᠬᠦᠨ ᠮᠡᠬᠡᠯᠡᠯ ᠢ ᠡᠰᠡᠷᠭᠦᠴᠡᠬᠦ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 18 ᠤ ᠡᠳᠦᠷ᠂ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠭᠦᠨᠪᠤᠯᠠᠭ ᠰᠤᠮᠤ ᠶᠢᠨ ᠰᠢᠨᠡᠪᠤᠯᠠᠭ ᠭᠠᠴᠠᠭ᠎ᠠ ᠳᠤ ᠬᠦᠷᠴᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃
IMG_6188.JPG    
      ᠤᠬᠠᠭᠤᠯᠤᠨ ᠲᠠᠶᠢᠯᠪᠤᠷᠢᠯᠠᠬᠤ ᠳᠤᠮᠳᠠ᠂ ᠠᠷᠠᠳ ᠤᠨ ᠴᠠᠭᠳᠠᠭ᠎ᠠ ᠨᠡᠶᠢᠲᠡᠯᠢᠭ ᠬᠡᠷᠡᠭ ᠤᠨ ᠵᠢᠱᠢᠶ᠎ᠡ ᠪᠠᠷ ᠥᠷᠭᠡᠨ ᠣᠯᠠᠨ ᠮᠠᠯᠴᠢᠨ ᠲᠦᠮᠡᠨ ᠳᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ ᠪᠠᠶᠢᠩᠭᠤ ᠲᠣᠬᠢᠶᠠᠯᠳᠤᠳᠠᠭ ᠲᠥᠷᠥᠯ ᠵᠦᠢᠯ ᠵᠢᠴᠢ ᠶᠠᠯᠠᠲᠤ ᠡᠲᠡᠭᠡᠳ ᠤᠨ ᠦᠷᠭᠦᠯᠵᠢ ᠬᠡᠷᠡᠭᠯᠡᠳᠡᠭ ᠮᠡᠬᠡᠯᠡᠯ ᠤᠨ ᠠᠷᠭ᠎ᠠ ᠪᠠᠷᠢᠯ ᠢ ᠲᠠᠨᠢᠯᠴᠠᠭᠤᠯᠵᠤ᠂ ᠲᠠᠨᠢᠯ ᠪᠤᠰᠤ ᠬᠥᠮᠦᠨ ᠳᠤ ᠬᠤᠪᠢ ᠬᠥᠮᠦᠨ ᠤ ᠮᠡᠳᠡᠭᠡ ᠵᠠᠩᠭᠢ᠂ ᠪᠠᠩᠬᠢ ᠶᠢᠨ ᠺᠠᠷᠲ ᠤᠨ ᠨᠢᠭᠤᠴᠠ ᠨᠣᠮᠧᠷ ᠵᠡᠷᠭᠡ ᠴᠢᠬᠤᠯᠠ ᠠᠭᠤᠯᠭ᠎ᠠ ᠶᠢ ᠵᠠᠳᠠᠷᠠᠭᠤᠯᠬᠤ ᠦᠭᠡᠢ᠂ ᠳᠤᠷ᠎ᠠ ᠪᠠᠷ ᠢᠶᠠᠨ ᠵᠣᠭᠤᠰ ᠭᠤᠪᠢᠭᠤᠯᠬᠤ ᠥᠬᠡᠶ᠂ ᠲᠠᠨᠢᠯ ᠪᠤᠰᠤ ᠤᠲᠠᠰᠤ ᠶᠢ ᠠᠮᠠᠷᠬᠠᠨ ᠢᠲᠡᠭᠡᠬᠦ ᠥᠬᠡᠶ᠂ ᠥᠯᠥ ᠮᠡᠳᠡᠬᠦ ᠬᠤᠯᠪᠣᠭᠠᠰᠤ ᠶᠢ ᠲᠣᠪᠴᠢᠳᠠᠬᠤ ᠥᠬᠡᠶ ᠵᠡᠷᠭᠡ ᠬᠠᠮᠢᠶ᠎ᠠ ᠪᠥᠬᠦᠶ ᠮᠡᠳᠡᠯᠭᠡ ᠶᠢ ᠣᠯᠠᠨ ᠲᠦᠮᠡᠨ ᠳᠤ ᠰᠠᠨᠠᠭᠤᠯᠬᠤ ᠶᠢᠨ ᠬᠠᠮᠲᠤ ᠮᠠᠯᠴᠢᠳ ᠤᠨ ᠭᠡᠷ ᠲᠤ ᠭᠦᠨᠵᠡᠭᠡᠶᠢᠷᠡᠵᠦ᠂ ᠮᠠᠯᠴᠢᠳ ᠲᠤ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP︾ ᠶᠢ ᠪᠠᠭᠤᠯᠭᠠᠨ ᠠᠪᠬᠤ ᠪᠠ ᠳᠠᠩᠰᠠᠯᠠᠭᠤᠯᠬᠤ ᠶᠢ ᠵᠢᠭᠠᠨ ᠰᠤᠷᠭᠠᠵᠤ᠂ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠶᠢᠨ ᠬᠡᠷᠡᠭᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠪᠡ᠃
IMG_6236.JPG    
      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠨ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠬᠢᠭᠡᠳ ᠤᠯᠠᠨ ᠲᠦᠮᠡᠨ ᠤ ᠣᠷᠣᠯᠴᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠮᠡᠬᠡᠯᠡᠯ ᠢ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃
ᠢᠷᠡᠯᠲᠡ᠄ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ