ᠮᠡᠳᠡᠬᠦᠶ ᠬᠢᠬᠦᠶ ᠶᠢ ᠨᠢᠭᠡᠳᠭᠡᠵᠦ ᠪᠦᠬᠦ ᠴᠠᠭᠳᠠᠭ᠎ᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ ᠪᠠᠶᠢᠩᠭᠤ ᠰᠡᠳᠭᠢᠨ ᠰᠢᠨᠡᠳᠭᠡᠵᠦ ᠲᠤᠳᠤᠭᠠᠳᠤ ᠶᠢ ᠬᠠᠮᠠᠭᠠᠯᠠᠬᠤ ᠡᠩᠨᠡᠭᠡ ᠶᠢ ᠲᠤᠭᠳᠠᠪᠤᠷᠢᠵᠢᠭᠤᠯᠤᠶ᠎ᠠ
ᠨᠡᠶᠢᠲᠡᠯᠡᠭᠰᠡᠨ ᠴᠠᠭ᠄
2022/6/16
      5 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠢᠩᠬᠢᠮ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ  ᠪᠣᠯᠬᠢᠴᠢᠯᠠᠬᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃       ᠬᠤᠷᠠᠯ ᠠᠴᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠬᠡᠪᠰᠢ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭᠠᠨ ᠤ ᠳᠠᠪᠲᠠᠯᠠᠲᠠ᠂ ᠤᠯᠤᠰ ᠲᠥᠷᠥ ᠶᠢᠨ ᠳᠠᠪᠲᠠᠯᠲᠠ᠂ ᠦᠢᠯᠡᠳᠦᠯᠭᠡ ᠶᠢᠨ ᠳᠠᠪᠲᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠨᠠᠮ ᠤᠨ ᠳᠣᠲᠣᠭᠠᠳᠤ ᠶᠢᠨ ᠬᠠᠷᠢᠯᠴᠠᠭᠠᠨ ᠳᠤ ᠣᠷᠣᠰᠢᠵᠤ ᠪᠠᠶᠢᠭ᠎ᠠ ᠪᠣᠯᠬᠢᠴᠢᠯᠠᠬᠤ᠂ ᠠᠷᠠᠯᠵᠢᠶᠠᠯᠠᠬᠤ ᠠᠰᠠᠭᠤᠳᠠᠯ ᠢ ᠬᠦᠴᠦᠯᠡᠨ ᠢᠯᠡᠷᠡᠭᠦᠯᠬᠦ ᠪᠠ ᠰᠢᠢᠳᠪᠦᠷᠢᠯᠡᠵᠦ᠂ ᠠᠷᠢᠭᠤᠨ ᠴᠢᠬᠡᠴᠢ᠂ ᠶᠣᠰᠣ ᠲᠦᠷᠢᠮ ᠲᠠᠢ᠂ ᠲᠥᠪ ᠰᠤᠷᠲᠠᠯ ᠲᠡᠭᠦᠯᠳᠡᠷ ᠨᠠᠮ ᠤᠨ ᠳᠣᠲᠣᠭᠠᠳᠤ ᠶᠢᠨ ᠬᠠᠷᠢᠴᠠᠭ᠎ᠠ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠶ︔ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ  ᠪᠣᠯᠬᠢᠴᠢᠯᠠᠬᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠣᠷ ᠨᠥᠯᠥᠭᠡ ᠶᠢ ᠠᠷᠢᠯᠭᠠᠬᠤ᠂ ᠢᠯᠵᠠᠷᠠᠯ ᠤᠨ ᠬᠥᠷᠥᠰᠥ ᠰᠢᠷᠣᠢ ᠶᠢ ᠴᠡᠪᠡᠷᠰᠢᠭᠦᠯᠬᠦ ᠪᠠ ᠠᠷᠢᠯᠭᠠᠬᠤ᠂ ᠡᠩᠨᠡᠭᠡᠨ ᠤ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠵᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠬᠡᠪᠰᠢ ᠴᠢᠩᠭ᠎ᠠ ᠭᠤᠣᠯ ᠬᠦᠭ ᠠᠶᠠᠰ ᠢ ᠢᠮᠠᠭᠲᠠ ᠪᠠᠷᠢᠮᠲᠠᠯᠠᠵᠤ᠂ ᠤᠳᠤᠷᠢᠳᠤᠯᠭ᠎ᠠ ᠲᠦᠷᠦᠭᠦᠯᠡᠨ ᠵᠢᠱᠢᠶ᠎ᠡ ᠦᠵᠡᠭᠦᠯᠬᠦ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢᠶᠠᠷ ᠰᠠᠮᠠᠭᠤᠷᠠᠯ ᠢ ᠵᠠᠰᠠᠵᠤ ᠬᠡᠯᠪᠠᠶᠢᠭᠦᠦ ᠲᠠᠯ᠎ᠠ ᠶᠢ ᠵᠠᠯᠠᠷᠠᠭᠤᠯᠵᠤ᠂ ᠤᠯᠤᠰ ᠲᠦᠷᠦ ᠶᠢᠨ ᠠᠮᠢ ᠠᠬᠤᠢ ᠶᠢᠨ ᠰᠢᠰᠲ᠋ᠧᠮ ᠢ ᠴᠡᠪᠡᠷᠰᠢᠭᠦᠯᠦᠨ ᠰᠢᠯᠢᠳᠡᠭᠵᠢᠭᠦᠯᠬᠦ ᠪᠠᠷ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠤᠯᠤᠰ ᠲᠦᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠲᠠᠬᠢᠨ ᠴᠣᠭᠴᠠᠯᠠᠵᠤ᠂ ᠦᠨᠳᠦᠰᠦᠨ ᠠᠴᠠ ᠨᠢ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠢᠯᠠᠩᠭᠤᠶ᠎ᠠ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠣᠨᠣᠯ ᠤᠨ ᠬᠡᠪ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠪᠣᠯ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠰᠠᠭᠤᠷᠢ ᠮᠥᠨ ᠭᠡᠳᠡᠭ ᠢ ᠭᠦᠨᠵᠡᠭᠡᠶ ᠲᠠᠨᠢᠵᠤ᠂ ᠤᠬᠠᠮᠰᠠᠷ ᠠᠴᠠ ᠪᠠᠨ ᠤᠷᠢᠳᠴᠢᠯᠠᠨ ᠭᠦᠨᠵᠡᠭᠡᠢ ᠪᠠᠳᠤᠳᠬᠠᠨ᠂ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠨᠠᠩ ᠲᠥᠪ ᠴᠢᠩᠭ᠎ᠠ ᠵᠢᠷᠤᠮᠵᠢᠭᠤᠯᠬᠤ ᠶᠢ ᠠᠬᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠪᠠᠷᠢᠮᠵᠢᠶ᠎ᠠ ᠱᠠᠭᠠᠷᠳᠠᠯᠭ᠎ᠠ ᠶᠢ ᠴᠢᠩᠭ᠎ᠠ ᠡᠵᠡᠮᠳᠡᠬᠦ ᠪᠣᠯ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠵᠠᠩᠭᠢᠯᠠᠭ᠎ᠠ ᠮᠥᠨ ᠭᠡᠳᠡᠭ ᠢ ᠭᠦᠨᠵᠡᠭᠡᠶ ᠲᠠᠨᠢᠵᠤ᠂ ᠡᠯ᠎ᠡ ᠱᠠᠲᠤᠨ ᠤ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠡᠷᠬᠡ ᠶᠢ ᠵᠢᠷᠤᠮᠵᠢᠭᠤᠯᠬᠤ ᠤᠬᠠᠮᠰᠠᠷ ᠢ ᠪᠠᠲᠤ ᠪᠣᠶ ᠪᠣᠯᠭᠠᠵᠤ᠂ ᠠᠷᠢᠭᠤᠨ ᠴᠢᠬᠡᠴᠢ ᠪᠠᠷ ᠵᠠᠰᠠᠭ ᠶᠠᠪᠤᠭᠤᠯᠬᠤ ᠬᠤᠷᠢᠭ᠎ᠠ ᠱᠤᠭᠤᠮ ᠢ ᠦᠨᠡᠨ ᠬᠦ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ︽ᠨᠢᠭᠡᠳᠦᠭᠡᠷ ᠬᠠᠷᠢᠭᠤᠴᠠᠯᠭ᠎ᠠ︾ ᠶᠢ ᠪᠠᠲᠤ ᠡᠭᠦᠷᠭᠡᠯᠡᠵᠦ᠂ ᠲᠦᠷᠦᠭᠦᠯᠡᠨ ᠪᠦᠬᠦ ᠲᠠᠯ᠎ᠠ ᠶᠢ ᠬᠠᠮᠢᠶᠠᠷᠤᠨ᠂ ᠡᠮᠦᠨ᠎ᠡ ᠹᠷᠤᠨᠲ ᠲᠤ ᠵᠢᠯᠣᠭᠤᠳᠴᠤ᠂ ᠴᠢᠬᠤᠯᠠ ᠡᠭᠦᠷᠭᠡ ᠶᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠪᠡᠶ᠎ᠡ ᠪᠠᠷ ᠢᠶᠠᠨ ᠠᠰᠠᠭᠤᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ ᠱᠠᠯᠠᠪᠳᠠᠭᠤᠯᠤᠨ ᠪᠠᠶᠢᠴᠠᠭᠠᠬᠤ ᠬᠡᠷᠡᠭᠲᠡᠢ᠃ ᠲᠥᠪᠯᠡᠷᠡᠭᠦᠯᠦᠨ ᠵᠠᠰᠠᠬᠤ ᠠᠵᠢᠯ ᠢ ᠬᠤᠤᠷ ᠨᠥᠯᠥᠭᠡ ᠶᠢ ᠠᠷᠢᠯᠭᠠᠬᠤ᠂ ᠲᠤᠪᠤᠶᠢᠮ᠎ᠠ ᠠᠰᠠᠭᠤᠳᠠᠯ ᠢ ᠭᠦᠨᠵᠡᠭᠡᠶ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠬᠥᠮᠦᠵᠢᠯ ᠴᠡᠭᠴᠡᠯᠡᠯᠲᠡ ᠶᠢ ᠪᠠᠬᠢᠵᠢᠭᠦᠯᠦᠨ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠲᠥᠷᠥ ᠰᠣᠶᠣᠯ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠬᠤ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠭᠤᠷᠪᠠᠨ ᠬᠦᠴᠦᠷᠬᠡᠭ ᠭᠤᠷᠪᠠᠨ ᠰᠢᠯᠢᠳᠡᠭ︾ ᠪᠠ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠶᠢ ᠠᠬᠢᠭᠤᠯᠬᠤ ᠲᠠᠢ ᠤᠶᠠᠯᠳᠤᠭᠤᠯᠵᠤ᠂ ᠣᠨᠴᠠᠭᠠᠶᠢᠯᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠠᠵᠢᠯ ᠲᠠᠢ ᠤᠶᠠᠯᠳᠤᠭᠤᠯᠵᠤ᠂ ᠨᠠᠮ ᠤᠨ ᠲᠥᠪ ᠬᠤᠷᠢᠶᠠᠨ ᠤ ︽ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠶᠠᠮᠤᠨ ᠤ ︽ᠵᠢᠷᠭᠤᠭ᠎ᠠ ᠶᠢ ᠴᠢᠩᠭ᠎ᠠ ᠴᠠᠭᠠᠵᠠᠯᠠᠬᠤ︾ ᠪᠠ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠳᠣᠯᠤᠭ᠎ᠠ ᠶᠢ ᠴᠢᠩᠭ᠎ᠠ ᠴᠠᠭᠠᠵᠠᠯᠠᠬᠤ︾ ᠠᠷᠢᠬᠢ ᠴᠠᠭᠠᠵᠠᠯᠠᠬᠤ ᠵᠠᠷᠯᠢᠭ ᠢ ᠴᠢᠩᠭ᠎ᠠ ᠬᠡᠷᠡᠭᠵᠢᠭᠦᠯᠵᠦ᠂ ᠢᠳᠡᠪᠬᠢᠲᠡᠶ ᠪᠥᠭᠡᠳ ᠡᠷᠡᠭᠦᠯ᠂ ᠲᠥᠪ ᠰᠤᠷᠲᠠᠯ ᠲᠡᠭᠦᠯᠳᠡᠷ ᠤᠯᠤᠰ ᠲᠥᠷᠥ ᠶᠢᠨ ᠰᠣᠶᠣᠯ ᠢ ᠶᠡᠭᠡ ᠪᠠᠷ ᠮᠠᠨᠳᠤᠭᠤᠯᠵᠤ᠂ ︽ᠭᠤᠷᠪᠠᠨ ᠬᠠᠷᠢᠴᠠᠯᠠᠰᠢ ᠥᠬᠡᠶ︾ ︽ᠳᠥᠷᠪᠡᠨ ᠲᠡᠮᠦᠷ ᠮᠡᠲᠦ︾ ᠪᠠᠲᠤ ᠴᠢᠩᠭ᠎ᠠ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠵᠤ᠂  ᠥᠪᠥᠷ ᠮᠣᠩᠭᠤᠯ ᠤᠨ ᠬᠢᠯᠢ ᠬᠢᠵᠠᠭᠠᠷ ᠤᠨ ᠠᠮᠤᠷ ᠲᠦᠪᠰᠢᠨ ᠢ ᠲᠣᠭᠲᠠᠭᠤᠨ ᠪᠠᠶᠢᠯᠭᠠᠬᠤ ᠪᠠ ᠨᠡᠶᠢᠰᠯᠡᠯ ᠤᠨ ᠠᠮᠤᠷ ᠲᠦᠪᠰᠢᠨ ᠢ ᠬᠠᠮᠠᠭᠠᠯᠠᠬᠤ ᠪᠠᠷ ᠴᠢᠷᠮᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠳᠤ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤᠯᠤᠰ ᠲᠥᠷᠥ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ 
ᠢᠷᠡᠯᠲᠡ᠄ ᠥᠪᠦᠷ ᠮᠤᠩᠭᠤᠯ ᠤᠨ ᠲᠤᠳᠤᠭᠠᠳᠤ ᠶᠢ ᠬᠠᠮᠠᠭᠠᠯᠠᠬᠤ ᠲᠢᠩᠬᠢᠮ