ᠦᠨᠡᠨᠴᠢ ᠰᠢᠳᠤᠷᠭᠤ ᠪᠠ ᠡᠭᠦᠷᠭᠡᠯᠡᠯ ᠢ ᠭᠡᠷᠡᠯ ᠰᠡᠭᠦᠳᠡᠷ ᠢᠶᠠᠷ ᠳᠡᠮᠳᠡᠭᠯᠡᠶ᠎ᠡ
ᠨᠡᠶᠢᠲᠡᠯᠡᠭᠰᠡᠨ ᠴᠠᠭ᠄
2022/6/16
       5 ᠳ᠋ᠤᠭᠠᠷ ᠰᠠᠷ᠎ᠠ ᠶᠢᠨ 19 ᠤ ᠡᠳᠦᠷ ᠪᠣᠯ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ︽ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠬᠡᠷᠡᠭᠵᠢᠭᠦᠯᠬᠦ ᠳᠤ ᠪᠠᠨ ᠲᠥᠪ ᠭᠤᠣᠯᠴᠢ᠂ ᠰᠠᠬᠢᠯᠭ᠎ᠠ ᠪᠠᠲᠤ ᠶᠢ ᠴᠢᠩᠳᠠᠯᠠᠬᠤ︾ ᠶᠡᠷᠥᠩᠬᠡᠢ ᠱᠠᠭᠠᠷᠳᠠᠯᠭ᠎ᠠ ᠶᠢ ᠲᠤᠷᠠᠳᠤᠭᠰᠠᠨ ᠲᠠᠪᠤᠨ ᠵᠢᠯ ᠤᠨ ᠤᠢ ᠶᠢᠨ ᠳᠤᠷᠠᠰᠬᠠᠯ ᠤᠨ ᠡᠳᠦᠷ᠂ ᠭᠦᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠢ ᠪᠣᠯᠭᠠᠬᠤ᠂ ᠴᠠᠭᠳᠠᠭ᠎ᠠ ᠳᠤ ᠬᠠᠷᠠᠭᠠᠯᠵᠠᠯ ᠦᠵᠡᠭᠦᠯᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠰᠣᠶᠣᠯ ᠢᠶᠠᠷ ᠴᠠᠭᠳᠠᠭ᠎ᠠ ᠬᠥᠮᠦᠵᠢᠭᠦᠯᠬᠦ᠂ ᠴᠠᠭᠳᠠᠭᠠᠨ ᠤ ᠰᠡᠳᠬᠢᠯ ᠢ ᠤᠯᠠᠮ ᠨᠢᠭᠡ ᠠᠯᠬᠤᠮ ᠨᠢᠭᠲᠠᠷᠠᠭᠤᠯᠬᠤ᠂ ᠲᠡᠮᠡᠴᠡᠯ ᠤᠨ ᠵᠣᠷᠢᠭ ᠢ ᠬᠥᠭᠵᠢᠭᠡᠬᠦ᠂ ᠪᠦᠬᠦ ᠴᠠᠭᠳᠠᠭ᠎ᠠ ᠶᠢᠨ ᠠᠵᠢᠯ ᠮᠡᠷᠭᠡᠵᠢᠯ ᠤᠨ ᠢᠷᠠᠭᠤ ᠠᠯᠳᠠᠷᠲᠤ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠰᠢᠨ᠎ᠡ ᠳᠦᠷᠢ ᠲᠥᠷᠬᠦ ᠪᠠ ᠠᠮᠤᠷ ᠲᠦᠪᠰᠢᠨ ᠢ ᠡᠷᠡᠰ ᠬᠠᠮᠠᠭᠠᠯᠠᠬᠤ ᠢᠲᠡᠭᠡᠯ ᠵᠣᠷᠢᠭ ᠢ ᠭᠦᠢᠴᠡᠳ ᠢᠯᠡᠷᠡᠭᠦᠯᠬᠦ ᠶᠢᠨ ᠲᠥᠯᠦᠭᠡ᠂ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠢ ᠴᠠᠭᠳᠠᠭᠠᠨ ᠤ ᠲᠤᠭ ᠲᠠᠢ ᠬᠠᠮᠲᠤ ᠰᠡᠭᠦᠳᠡᠷ ᠲᠠᠲᠠᠬᠤ︾ ᠠᠵᠢᠯᠯᠠᠭ᠎ᠠ ᠥᠷᠨᠢᠭᠦᠯᠵᠦ᠂ ᠴᠠᠭᠳᠠᠭᠠᠨ ᠤ ᠶᠣᠰᠣᠯᠠᠯ ᠤᠨ ᠬᠤᠪᠴᠠᠰᠤ ᠡᠮᠦᠰᠦᠭᠰᠡᠨ ᠳᠣᠭᠳᠣᠯᠤᠭᠰᠠᠨ ᠠᠭᠱᠠᠨ ᠪᠠ ᠭᠤᠶᠤ ᠰᠠᠶᠢᠬᠠᠨ ᠳᠦᠷᠢ ᠶᠢ ᠰᠡᠭᠦᠳᠡᠷᠯᠡᠵᠦ᠂ ᠭᠡᠷᠡᠯ ᠰᠡᠭᠦᠳᠡᠷ ᠢᠶᠠᠷ ᠴᠠᠭᠳᠠᠭ᠎ᠠ ᠶᠢᠨ ᠨᠢᠭᠡ ᠨᠠᠰᠤᠨ ᠤ ᠪᠠᠷᠢᠮᠲᠠᠯᠠᠯ ᠪᠠ ᠪᠠᠲᠤ ᠪᠠᠷᠢᠮᠲᠠᠯᠠᠯ ᠢ ᠳᠡᠮᠳᠡᠭᠯᠡᠵᠦ᠂ ᠴᠠᠭᠳᠠᠭ᠎ᠠ ᠶᠢᠨ ᠠᠮᠢᠳᠤᠷᠠᠯ ᠳᠤᠮᠳᠠ ᠡᠷᠬᠢᠮ ᠨᠠᠨᠳᠢᠨ ᠡᠷᠭᠢᠴᠡᠭᠦᠯᠦᠯ ᠦᠯᠡᠳᠡᠭᠡᠪᠡ᠃
 66.jpg   
333.JPG
      ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠪᠠᠷ ᠡᠭᠦᠷᠭᠡ ᠪᠠᠨ ᠪᠣᠯᠭᠠᠵᠤ᠂ ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠴᠢᠩᠳᠠᠯᠠᠬᠤ ᠶᠢ ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠠᠢ ᠠᠵᠢᠯᠯᠠᠭ᠎ᠠ ᠳᠤᠮᠳᠠ ᠨᠠᠶᠢᠳᠠᠪᠤᠷᠢᠵᠢᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠡᠯᠬᠡᠭᠯᠡᠨ ᠲᠡᠮᠡᠴᠡᠵᠦ᠂ ᠢᠷᠠᠭᠤ ᠠᠯᠳᠠᠷ ᠢᠶᠠᠨ ᠨᠠᠨᠳᠢᠩᠨᠠᠵᠤ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠶᠢᠵᠤ᠂ ᠥᠨᠢ ᠡᠭᠦᠷᠢᠳᠡ ᠨᠠᠮ ᠪᠣᠯᠤᠨ ᠠᠷᠠᠳ ᠲᠦᠮᠡᠨ ᠤ ᠰᠢᠳᠤᠷᠭᠤ ᠬᠠᠮᠠᠭᠠᠯᠠᠭᠴᠢ ᠪᠤᠯᠵᠤ᠂ ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠡᠰ ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠣᠯᠤᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ