ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠶᠡᠭᠡ ᠠᠩᠭᠢ ᠭᠤᠷᠪᠠᠨ ᠭᠠᠷ ᠮᠢᠨ᠎ᠠ ᠶᠢ ᠤᠰᠠᠳᠬᠠᠪᠠ
ᠨᠡᠶᠢᠲᠡᠯᠡᠭᠰᠡᠨ ᠴᠠᠭ᠄
2022/6/16
     4 ᠳ᠋ᠦ᠋ᠭᠡᠷ ᠰᠠᠷ᠎ᠠ ᠶᠢᠨ 24 ᠤ ᠡᠳᠦᠷ᠂ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠶᠡᠭᠡ ᠠᠩᠭᠢ ᠣᠩᠨᠢᠭᠤᠳ ᠬᠤᠰᠢᠭᠤᠨ ᠤ ᠪᠣᠷᠣᠬᠤᠲᠠ ᠪᠠᠯᠭᠠᠰᠤᠨ ᠤ ᠡᠮᠦᠨ᠎ᠡ᠂ ᠠᠭᠤᠯᠠ ᠳᠠᠬᠢ ᠬᠥᠮᠦᠨ ᠥᠬᠡᠶ ᠭᠠᠵᠠᠷ ᠲᠤ ᠳᠠᠷᠢ ᠪᠠᠷ ᠳᠡᠯᠪᠡᠷᠡᠭᠦᠯᠵᠦ᠂ ᠭᠤᠷᠪᠠᠨ ᠭᠠᠷ ᠮᠢᠨ᠎ᠠ ᠶᠢ ᠠᠮᠵᠢᠯᠲᠠᠲᠠᠶ ᠤᠰᠠᠳᠬᠠᠪᠠ᠃
图片3.png     
      4 ᠳ᠋ᠦ᠋ᠭᠡᠷ ᠰᠠᠷ᠎ᠠ ᠶᠢᠨ 23 ᠤ ᠡᠳᠦᠷ᠂ ᠣᠩᠨᠢᠭᠤᠳ ᠬᠤᠰᠢᠭᠤᠨ ᠤ ᠵᠢᠶᠧ ᠹᠠᠩ ᠶᠢᠩᠽᠢ ᠰᠢᠶᠠᠩ ᠤᠨ ᠡᠦ ᠵᠢᠶᠠ ᠼᠦᠨ ᠲᠣᠰᠬᠤᠨ ᠤ ᠵᠠᠩ ᠣᠪᠣᠭᠲᠤ ᠥᠪᠡᠷ ᠤᠨ ᠬᠦᠷᠢᠶ᠎ᠡ ᠬᠠᠰᠢᠶ᠎ᠠ ᠪᠠᠨ ᠰᠢᠨᠡᠳᠬᠡᠨ ᠭᠡᠷ ᠪᠠᠶᠢᠰᠢᠩ ᠪᠠᠷᠢᠬᠤ ᠪᠠᠷ ᠪᠡᠯᠡᠳᠬᠡᠵᠦ᠂ ᠳᠣᠭᠤᠭᠰᠢ ᠪᠠᠨ ᠰᠠᠭᠤᠷᠢ ᠪᠠᠨ ᠥᠷᠭᠡᠳᠬᠡᠬᠦ ᠦᠶ᠎ᠡ ᠳᠤ ᠰᠠᠨᠠᠭᠠᠨ ᠠᠴᠠ ᠭᠠᠳᠠᠭᠤᠷ ᠭᠠᠵᠠᠷ ᠠᠴᠠ 3 ᠵᠢᠪᠡᠷᠡᠭᠰᠡᠨ ᠲᠣᠯᠪᠤ ᠲᠠᠢ ᠭᠠᠷ ᠮᠢᠨ᠎ᠠ ᠮᠠᠯᠲᠠᠵᠤ ᠭᠠᠷᠭᠠᠪᠠ᠃ ᠲᠡᠭᠡᠭᠡᠳ ᠡᠨᠡ ᠪᠠᠶᠢᠳᠠᠯ ᠢ ᠵᠢᠶᠧ ᠹᠠᠩ ᠶᠢᠩᠽᠢ ᠶᠢᠨ ᠲᠣᠮᠢᠯᠠᠭᠰᠠᠨ ᠰᠠᠯᠪᠤᠷᠢ ᠳᠤ ᠮᠡᠳᠡᠭᠦᠯᠪᠡ᠃ ᠵᠢᠶᠧ ᠹᠠᠩ ᠶᠢᠩᠽᠢ ᠶᠢᠨ ᠲᠣᠮᠢᠯᠠᠭᠰᠠᠨ ᠰᠠᠯᠪᠤᠷᠢ ᠪᠣᠯᠤᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠶᠡᠭᠡ ᠠᠩᠭᠢ ᠲᠠᠢ ᠬᠠᠮᠲᠤ ᠲᠣᠰᠬᠤᠨ ᠤ ᠠᠷᠠᠳ ᠵᠠᠩ ᠣᠪᠣᠭᠲᠤ ᠶᠢᠨ ᠭᠡᠷ ᠲᠤ ᠬᠦᠷᠪᠡ᠃ ᠠᠮᠤᠷ ᠢ ᠬᠠᠮᠠᠭᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠪᠠᠨ ᠵᠣᠬᠢᠶᠠᠨ ᠪᠠᠶᠢᠭᠤᠯᠵᠤ᠂ ᠭᠠᠷ ᠮᠢᠨ᠎ᠠ ᠮᠠᠯᠲᠠᠵᠤ ᠣᠯᠤᠭᠰᠠᠨ ᠲᠤᠬᠠᠶ ᠶᠢᠨ ᠲᠠᠯᠠᠪᠠᠶ ᠶᠢᠨ ᠡᠷᠬᠢᠨ ᠲᠣᠭᠤᠷᠢᠨ ᠳᠤ ᠲᠡᠮᠦᠷᠯᠢᠭ ᠬᠠᠶᠢᠭᠤᠷ ᠢᠶᠠᠷ ᠤᠯᠠᠮ ᠨᠢᠭᠡ ᠠᠯᠬᠤᠮ ᠬᠠᠶᠢᠵᠤ᠂ ᠰᠢᠨ᠎ᠡ ᠭᠠᠷ ᠮᠢᠨ᠎ᠠ ᠳᠡᠯᠪᠡᠷᠡᠭᠰᠡᠨ ᠦᠯᠡᠳᠡᠭᠳᠡᠯ ᠪᠣᠳᠠᠰ ᠢ ᠳᠠᠬᠢᠨ ᠣᠯᠵᠤ ᠮᠡᠳᠡᠭᠰᠡᠨ ᠥᠬᠡᠶ ᠪᠣᠯᠬᠤᠷ ᠵᠠᠩ ᠣᠪᠣᠭᠲᠤ ᠶᠢᠨ ᠬᠡᠷ ᠠᠴᠠ ᠰᠠᠯᠵᠤ᠂  ᠭᠤᠷᠪᠠᠨ ᠭᠠᠷ ᠮᠢᠨ᠎ᠠ ᠶᠢ ᠬᠤᠷᠢᠶᠠᠮᠵᠢᠯᠠᠪᠠ᠃
图片5.png     
      4 ᠳ᠋ᠦ᠋ᠭᠡᠷ ᠰᠠᠷ᠎ᠠ ᠶᠢᠨ 24 ᠤ ᠦᠳᠡ ᠶᠢᠨ ᠬᠤᠶᠢᠨ᠎ᠠ᠂ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠶᠢᠨ ᠠᠶᠤᠯ ᠲᠠᠢ ᠳᠡᠯᠪᠡᠷᠡᠬᠦ ᠪᠣᠳᠠᠰ ᠤᠨ ᠳᠤᠮᠳᠠ ᠠᠩᠭᠢ ᠶᠢᠨ ᠭᠤᠤ ᠵᠢᠶ ᠵᠢᠶᠦ᠋ᠨ᠂ ᠯᠢᠦᠶ ᠬᠤᠩ ᠲᠤ ᠵᠡᠷᠭᠡ ᠠᠷᠠᠳ ᠤᠨ ᠴᠠᠭᠳᠠᠭ᠎ᠠ ᠲᠡᠶᠢᠨ ᠤ ᠳᠡᠯᠪᠡᠷᠡᠯᠲᠡ ᠶᠢᠨ ᠦᠯᠡᠳᠡᠭᠳᠡᠯ ᠪᠣᠳᠠᠰ ᠢ ᠤᠰᠠᠳᠬᠠᠬᠤ ᠠᠵᠢᠯ ᠤᠨ ᠶᠠᠪᠤᠴᠠ ᠶᠢ ᠴᠢᠩᠭ᠎ᠠ ᠵᠢᠷᠤᠮᠯᠠᠨ᠂ ᠪᠣᠷᠣᠬᠤᠲᠠ ᠪᠠᠯᠭᠠᠰᠤᠨ ᠤ ᠡᠮᠦᠨ᠎ᠡ ᠠᠭᠤᠯᠠ ᠶᠢᠨ ᠬᠥᠮᠦᠨ ᠥᠬᠡᠶ ᠭᠠᠵᠠᠷ ᠲᠤ ᠰᠡᠷᠭᠡᠶᠢᠯᠡᠯᠲᠡ ᠶᠢᠨ ᠱᠤᠭᠤᠮ ᠲᠠᠲᠠᠵᠤ᠂ ᠳᠠᠷᠢ ᠪᠠᠷ ᠳᠡᠯᠪᠡᠴᠢᠬᠦ ᠠᠷᠭ᠎ᠠ ᠠᠪᠴᠤ᠂ ᠭᠠᠷ ᠮᠢᠨ᠎ᠠ ᠶᠢ ᠲᠣᠰ ᠲᠣᠰ ᠤᠰᠠᠳᠬᠠᠪᠠ᠃     
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ