ᠴᠠᠭᠳᠠᠭᠠᠨ ᠤ ᠶᠠᠪᠤᠳᠠᠯ ᠤᠨ ᠪᠣᠯᠪᠠᠰᠤᠷᠠᠯ ᠢ ᠥᠷᠨᠢᠭᠦᠯᠦᠨ ᠪᠣᠳᠠᠲᠤ ᠪᠠᠶᠢᠯᠳᠤᠭᠠᠨᠴᠢᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/6/16
     ᠣᠶᠢᠷ᠎ᠠ ᠳᠤ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ ᠶᠢᠨ ᠬᠢᠨ ᠪᠥᠬᠦ ᠴᠠᠭᠳᠠᠭ᠎ᠠ ᠪᠠᠨ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠴᠠᠭᠳᠠᠭᠠᠨ ᠤ ᠶᠠᠪᠤᠳᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠪᠡ᠃
微信图片_20220507090315.jpg     
      ᠲᠣᠰ ᠤᠳᠠᠭᠠᠨ ᠤ ᠪᠤᠯᠪᠠᠰᠤᠷᠠᠯ ᠨᠢ ᠣᠨᠴᠠ ᠲᠥᠷᠦᠯ ᠤᠨ ᠴᠠᠭᠳᠠᠭᠠᠨ ᠤ ᠠᠩᠭᠢ ᠶᠢᠨ ᠴᠠᠭᠳᠠᠭᠠᠨ ᠤ ᠶᠠᠪᠤᠳᠠᠯ ᠤᠨ ᠤᠷ᠎ᠠ ᠴᠢᠳᠠᠪᠤᠷᠢ ᠶᠢ ᠴᠢᠩᠭᠠᠳᠬᠠᠬᠤ ᠪᠠᠷ ᠭᠤᠤᠯᠳᠠᠯᠭ᠎ᠠ ᠪᠣᠯᠭᠠᠵᠤ᠂ ᠠᠵᠢᠯ ᠤᠨ ᠪᠠᠶᠢᠷᠢ ᠶᠢᠨ ᠪᠣᠯᠪᠠᠰᠤᠷᠠᠯ᠂ ᠴᠣᠬᠢᠯᠲᠠ ᠥᠭᠬᠦ ᠪᠠ ᠰᠡᠷᠭᠡᠶᠢᠯᠡᠬᠦ ᠶᠢ ᠤᠶᠠᠯᠳᠤᠭᠤᠯᠬᠤ᠂ ᠬᠦᠴᠦᠷᠬᠡᠭᠯᠡᠯ ᠢ ᠰᠡᠷᠭᠡᠶᠢᠯᠡᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠡᠳᠦᠷ ᠲᠤᠲᠤᠮ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠵᠡᠪᠰᠡᠭ ᠬᠡᠷᠡᠭᠯᠡᠬᠦ ᠦᠭᠡᠢ ᠪᠠᠷ ᠰᠡᠷᠭᠡᠶᠢᠯᠡᠨ ᠬᠠᠮᠠᠭᠠᠯᠠᠬᠤ ᠪᠠ ᠡᠵᠡᠮᠳᠡᠬᠦ ᠵᠡᠷᠭᠡ ᠬᠢᠴᠢᠶᠡᠯ ᠲᠥᠷᠥᠯ ᠤᠨ ᠪᠣᠯᠪᠠᠰᠤᠷᠠᠯ ᠤᠨ ᠠᠵᠢᠯᠯᠠᠭ᠎ᠠ ᠶᠢ ᠭᠤᠤᠯᠳᠠᠯᠭ᠎ᠠ ᠲᠠᠢ ᠥᠷᠨᠢᠭᠦᠯᠪᠡ᠃ ᠡᠭᠦᠨ ᠤ ᠬᠠᠮᠲᠤ᠂ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠯ ᠬᠢᠬᠦ ᠶᠢ ᠴᠢᠬᠤᠯᠠᠴᠢᠯᠠᠵᠤ᠂ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠤ ᠰᠤᠷᠭᠠᠭᠴᠢ ᠯᠢᠦᠶ ᠵᠢᠩ ᠯᠦᠩ ᠵᠢᠱᠢᠶ᠎ᠡ ᠦᠵᠡᠭᠦᠯᠦᠨ ᠪᠣᠯᠪᠠᠰᠤᠷᠠᠯ ᠢ ᠳᠠᠭᠠᠭᠤᠯᠵᠤ᠂ ︽ᠣᠨᠣᠯ ᠤᠨ ᠲᠠᠶᠢᠯᠤᠮᠵᠢ ᠬᠢᠬᠦ᠂ ᠬᠥᠳᠡᠯᠦᠯ ᠤᠨ ᠵᠢᠱᠢᠶ᠎ᠡ ᠦᠵᠡᠭᠦᠯᠬᠦ᠂ ᠬᠤᠪᠢ ᠬᠥᠮᠦᠨ ᠤ ᠣᠶᠢᠯᠠᠭᠠᠯᠲᠠ︾ ᠶᠢᠨ ᠪᠣᠯᠪᠠᠰᠤᠷᠠᠯ ᠪᠠ ᠵᠢᠭᠠᠨ ᠰᠤᠷᠭᠠᠯᠲᠠ ᠶᠢᠨ ᠰᠡᠳᠬᠢᠮᠵᠢ ᠪᠠᠷ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠯᠪᠠᠰᠤᠷᠠᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠠᠳᠤᠯᠠᠪᠠ᠃       ᠪᠣᠯᠪᠠᠰᠤᠷᠠᠯ ᠤᠨ ᠶᠠᠪᠤᠴᠠ ᠳᠤ᠂ ᠴᠠᠭᠳᠠᠭ᠎ᠠ ᠨᠠᠷ ᠲᠥᠪ ᠴᠢᠩᠭ᠎ᠠ ᠨᠠᠷᠢᠨ ᠬᠢᠨᠠᠮᠠᠭᠠᠶ᠂ ᠴᠤᠭ ᠵᠢᠪᠬᠤᠭ᠎ᠠ ᠲᠡᠭᠦᠯᠳᠡᠷ᠂ ᠣᠮᠤᠭ ᠰᠦᠷ ᠪᠠᠳᠠᠷᠠᠭᠤᠨ᠂ ᠬᠥᠳᠡᠯᠦᠯ ᠪᠠᠷᠢᠯ ᠨᠢ ᠳᠦᠷᠢᠮᠵᠢᠯ ᠲᠠᠢ ᠪᠠᠶᠢᠵᠤ᠂ ᠰᠢᠯᠢᠳᠡᠭ ᠰᠠᠶᠢᠨ ᠪᠣᠯᠪᠠᠰᠤᠷᠠᠯ ᠤᠨ ᠰᠤᠷᠲᠠᠯ ᠪᠠ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠦᠭᠰᠡᠨ ᠪᠠᠶᠢᠨ᠎ᠠ᠃
微信图片_20220507090303.jpg      
      ᠪᠣᠯᠪᠠᠰᠤᠷᠠᠯ ᠢᠶᠠᠷ ᠳᠠᠮᠵᠢᠨ᠂ ︽  ᠪᠣᠯᠪᠠᠰᠤᠷᠠᠯ ᠨᠢ ᠳᠠᠶᠢᠨ ᠪᠠᠶᠢᠯᠳᠤᠭᠠᠨ ᠪᠡᠯᠡᠳᠭᠡᠬᠦ ᠪᠠ ᠲᠠᠶᠢᠨ ᠪᠠᠶᠢᠯᠳᠤᠭᠠᠨ ᠪᠣᠯᠪᠠᠰᠤᠷᠠᠯ ᠢ ᠨᠢᠭᠡᠳᠬᠡᠬᠦ︾ ᠪᠣᠯᠪᠠᠰᠤᠷᠠᠯ ᠤᠨ ᠵᠣᠷᠢᠯᠭ᠎ᠠ ᠳᠤ ᠪᠠᠨ ᠬᠦᠷᠴᠦ᠂ ᠠᠩᠭᠢ ᠶᠢᠨ ᠭᠡᠰᠢᠭᠦᠳ ᠤᠨ ᠪᠣᠳᠠᠲᠤ ᠪᠠᠶᠢᠯᠳᠤᠭᠠᠨ ᠤ ᠲᠦᠪᠰᠢᠨ ᠢ ᠦᠨᠡᠨ ᠬᠦ ᠴᠢᠩᠭᠠᠳᠬᠠᠵᠤ᠂ ᠲᠤᠰ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ᠂ ᠳᠠᠶᠢᠰᠤᠨ ᠢ ᠪᠠᠷᠢᠵᠤ ᠡᠵᠡᠮᠳᠡᠬᠦ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠡᠩᠨᠡᠭᠡ ᠶᠢᠨ ᠪᠦᠬᠦᠯᠢ ᠴᠣᠭᠴᠠ ᠶᠢᠨ ᠳᠠᠶᠢᠴᠢᠨ ᠬᠦᠴᠦᠨ ᠢ ᠳᠡᠭᠡᠭᠰᠢᠯᠡᠭᠦᠯᠵᠦ᠂ ᠵᠢᠩᠬᠢᠨᠢ ᠪᠤᠳᠠᠳᠤ ᠪᠠᠶᠢᠯᠳᠤᠭᠠᠨᠴᠢᠯᠠᠯᠲᠠ ᠶᠢᠨ ᠬᠤᠰᠢᠭᠤᠴᠢ ᠡᠩᠨᠡᠭᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠦᠷᠢᠯᠳᠦᠭᠦᠯᠵᠦ ᠦᠭᠴᠦ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ