ᠪᠢᠷᠠᠭᠤ ᠲᠤᠮᠢᠯᠠᠭᠰᠠᠨ ᠰᠠᠯᠪᠤᠷᠢ ᠨᠢ ᠲᠤᠰᠬᠠᠢ ᠪᠠᠶᠢᠴᠠᠭᠠᠯᠳᠠ ᠲᠤᠮᠳᠠ ᠬᠤᠶᠠᠷ ᠬᠤᠯᠠᠭᠠᠢ ᠶᠢᠨ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2022/6/2
     4 ᠳ᠋ᠦ᠋ᠭᠡᠷ ᠰᠠᠷ᠎ᠠ ᠶᠢᠨ 5 ᠤ ᠡᠳᠦᠷ᠂ ᠬᠡᠰᠢᠭᠳᠡᠨ ᠬᠤᠰᠢᠭᠤᠨ ᠤ ᠪᠢᠷᠠᠭᠤ ᠲᠠᠮᠢᠷ ᠤᠨ ᠲᠠᠯᠠᠪᠤᠷ ᠲᠤ ᠰᠠᠭᠰᠤᠨ ᠪᠦᠮᠪᠦᠭᠡ ᠨᠠᠭᠠᠳᠴᠤ ᠪᠠᠶᠢᠭᠰᠠᠨ ᠵᠠᠩ ᠤᠪᠤᠭᠳᠤ ᠵᠠᠯᠠᠭᠤ ᠬᠤᠶᠠᠷ ᠭᠠᠷ ᠤᠳᠠᠰᠤ ᠪᠠᠨ ᠭᠡᠭᠡᠪᠡ᠃ ᠬᠡᠷᠡᠭ ᠤᠨ ᠮᠡᠳᠡᠭᠦᠯᠦᠯᠳᠡ ᠶᠢ ᠲᠤᠰᠤᠭᠰᠠᠨ ᠴᠠᠭᠳᠠᠭ᠎ᠠ ᠨᠠᠷ ᠲᠤᠬᠠᠢ ᠶᠢᠨ ᠲᠠᠯᠠᠪᠤᠷ ᠪᠠ ᠬᠠᠮᠢᠶ᠎ᠠ ᠪᠦᠬᠦᠢ ᠪᠠᠶᠢᠴᠠᠭᠠᠯᠳᠠ ᠦᠷᠨᠢᠭᠦᠯᠬᠦ ᠶᠢᠨ ᠬᠠᠮᠳᠤ᠂ ᠶᠠᠭ ᠰᠠᠶᠢᠬᠠᠨ ᠪᠦᠬᠦ ᠤᠷᠤᠨ ᠳᠤ ᠶᠠᠪᠤᠭᠳᠠᠵᠤ ᠪᠠᠶᠢᠭᠰᠠᠨ ︽ᠭᠤᠷᠪᠠ ᠶᠢ ᠪᠠᠶᠢᠴᠠᠭᠠᠨ ᠨᠢᠭᠡ ᠶᠢ ᠡᠵᠡᠮᠳᠡᠬᠦ︾ ᠲᠤᠭ᠎ᠠ ᠪᠠᠷᠢᠮᠳᠡ ᠶᠢᠨ ᠪᠦᠷᠢᠳᠭᠡᠯ ᠢ ᠦᠨᠳᠦᠰᠦᠯᠡᠨ ᠨᠢᠭᠡᠨ ᠲᠡᠭᠡᠳᠦ ᠲᠤᠮᠳᠠᠳᠤ ᠳᠤ ᠰᠤᠷᠤᠯᠴᠠᠵᠤ ᠪᠠᠶᠢᠭ᠎ᠠ ᠰᠤᠷᠤᠭᠴᠢ ᠶᠢ ᠰᠡᠵᠢᠭᠳᠡᠨ ᠢᠶᠠᠷ ᠲᠤᠳᠤᠯᠠᠵᠦ ᠰᠢᠭᠦᠨ ᠠᠰᠠᠭᠤᠭᠰᠠᠨ ᠳᠤ ᠲᠤᠰ ᠰᠤᠷᠤᠭᠴᠢ ᠭᠠᠷ ᠤᠳᠠᠰᠤ ᠬᠤᠯᠠᠭᠠᠶᠢᠯᠠᠭᠰᠠᠨ ᠬᠡᠷᠡᠭ ᠢᠶᠠᠨ ᠮᠡᠳᠡᠷᠡᠪᠡ᠃ 4 ᠳ᠋ᠦ᠋ᠭᠡᠷ ᠰᠠᠷ᠎ᠠ ᠶᠢᠨ 15 ᠤ ᠡᠳᠦᠷ ᠮᠤᠩᠭᠤᠯ ᠪᠠᠭ᠎ᠠ ᠰᠤᠷᠭᠠᠭᠤᠯᠢ ᠶᠢᠨ ᠪᠠᠭᠰᠢ᠂ ᠰᠤᠷᠭᠠᠭᠤᠯᠢ ᠶᠢᠨ ᠡᠭᠦᠳᠡᠨ ᠠᠴᠠ ᠪᠠᠨ ᠮᠤᠲ᠋ᠤᠷ ᠢᠶᠠᠨ ᠭᠡᠭᠡᠪᠡ᠃ ᠤᠶᠢᠷᠠᠯᠴᠠᠭᠠᠬᠢ ᠬᠢᠨᠠᠨ ᠡᠵᠡᠮᠳᠡᠭᠦᠷ ᠤᠨ ᠰᠢᠩᠭᠡᠭᠡᠯᠳᠡ ᠶᠢ ᠪᠠᠶᠢᠴᠠᠭᠠᠭᠰᠠᠨ ᠳᠤ ᠠᠮᠠᠪᠴᠢ ᠵᠡᠭᠦᠭᠰᠡᠨ ᠨᠢᠭᠡ ᠡᠷᠡᠭᠳᠡᠢ ᠡᠮᠡᠭᠳᠡᠢ ᠬᠤᠶᠠᠭᠤᠯᠠ ᠴᠠᠬᠢᠯᠭᠠᠨ ᠬᠦᠳᠡᠯᠭᠡᠭᠦᠷᠳᠦ ᠲᠡᠷᠭᠡ ᠪᠠᠷ ᠢᠷᠡᠵᠦ᠂ ᠲᠡᠮᠡᠢ ᠤᠳᠠᠯ ᠦᠭᠡᠢ ᠡᠷᠡᠭᠳᠡᠢ  ᠨᠢ ᠮᠤᠲ᠋ᠤᠷ ᠢ ᠤᠨᠤᠵᠤ ᠶᠠᠪᠤᠭᠰᠠᠨ ᠪᠠᠶᠢᠨ᠎ᠠ᠃ ᠴᠠᠭᠳᠠᠭ᠎ᠠ ᠨᠠᠷ ︽ᠪᠦᠬᠦ ᠤᠷᠤᠨ ᠤ ᠠᠮᠤᠷ ᠲᠤᠪᠰᠢᠨ ᠢ ᠰᠡᠷᠭᠡᠶᠢᠯᠡᠨ ᠬᠢᠵᠠᠭᠠᠷᠯᠠᠬᠤ ᠲᠠᠪᠴᠠᠩ︾ ᠲᠠᠬᠢ ᠪᠤᠳᠠᠳᠤ ᠬᠦᠮᠦᠨ ᠠᠮᠠ ᠶᠢᠨ ᠬᠦᠮᠦᠷᠭᠡ  ᠶᠢ ᠠᠰᠢᠭᠯᠠᠨ ᠵᠢᠢ ᠰᠢᠶᠠᠩ ᠬᠤᠷᠢᠶᠠᠯᠠᠯ ᠳᠤ ᠰᠦᠨᠢ ᠶᠢᠨ ᠶᠢᠰᠦᠨ ᠴᠠᠭ ᠲᠤ ᠢᠯᠡᠷᠡᠭᠰᠡᠨ ᠬᠦᠮᠦᠨ ᠢ ᠬᠠᠷᠭᠤᠭᠤᠯᠤᠨ ᠠᠳᠠᠯᠢᠳᠬᠠᠵᠦ ᠬᠡᠷᠡᠭ ᠢ ᠢᠯᠡᠷᠡᠭᠦᠯᠪᠡ᠃      ᠲᠤᠰ ᠬᠤᠶᠠᠷ ᠤᠳᠠᠭᠠᠨ ᠤ ᠬᠡᠷᠡᠭ ᠨᠢ ᠬᠢᠨᠠᠨ ᠡᠵᠡᠮᠳᠡᠭᠦᠷ ᠤᠨ ᠲᠡᠮᠳᠡᠭᠯᠡᠯ ᠪᠠ ᠶᠠᠭ ᠰᠠᠶᠢᠬᠠᠨ ᠶᠠᠪᠤᠭᠳᠠᠵᠤ ᠪᠠᠶᠢᠭ᠎ᠠ ︽ᠭᠤᠷᠪᠠ ᠶᠢ ᠪᠠᠶᠢᠴᠠᠭᠠᠵᠦ ᠨᠢᠭᠡ ᠶᠢ ᠡᠵᠡᠮᠳᠡᠬᠦ︾ ᠲᠤᠰᠬᠠᠢ ᠠᠵᠢᠯ ᠤᠨ ᠪᠤᠳᠠᠳᠤ ᠬᠦᠮᠦᠨ ᠠᠮᠠ ᠶᠢᠨ ᠪᠠᠶᠢᠴᠠᠭᠠᠯᠳᠠ ᠶᠢ ᠬᠢᠵᠦ ᠪᠠᠶᠢᠭ᠎ᠠ ᠬᠤᠭᠤᠴᠠᠭ᠎ᠠ ᠲᠤᠯᠠ ︽ᠨᠢᠭᠡ ᠲᠠᠯ᠎ᠠ ᠪᠠᠷ ᠴᠤᠭᠯᠠᠭᠤᠯᠬᠤ᠂ ᠨᠦᠭᠦᠭᠡ ᠲᠠᠯ᠎ᠠ ᠪᠠᠷ ᠠᠰᠢᠭᠯᠠᠬᠤ︾ ᠵᠠᠷᠴᠢᠮ ᠶᠤᠰᠤ ᠪᠠᠷ ᠪᠤᠳᠠᠳᠤ ᠠᠵᠢᠯ ᠤᠨ ᠲᠤᠮᠳᠠ ᠬᠡᠷᠡᠭᠯᠡᠵᠦ᠂ ᠦᠨᠳᠦᠰᠦᠨ  ᠱᠠᠳᠤᠨ ᠤ ᠲᠤᠮᠢᠯᠠᠭᠰᠠᠨ ᠰᠠᠯᠪᠤᠷᠢ ᠶᠢᠨ ᠨᠡᠶᠢᠭᠡᠮ ᠤᠨ ᠬᠠᠮᠢᠶᠠᠷᠤᠯᠳᠠ ᠶᠢᠨ ᠴᠢᠳᠠᠪᠬᠢ᠂ ᠬᠡᠷᠡᠭ ᠢᠯᠡᠷᠡᠭᠦᠯᠬᠦ ᠴᠢᠳᠠᠪᠬᠢ᠂ ᠤᠶᠤᠨᠯᠢᠭ ᠴᠢᠳᠠᠪᠬᠢ ᠶᠢ ᠨᠡᠮᠡᠭᠳᠡᠭᠦᠯᠦᠭᠰᠡᠨ ᠪᠠᠶᠢᠨ᠎ᠠ᠃ ︵ᠬᠡᠰᠢᠭᠳᠡᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ   ᠴᠤ᠋᠂ ᠨᠠᠰᠤᠨᠵᠠᠶᠠᠭ᠎ᠠ ᠮᠡᠳᠡᠭᠡᠯᠡᠪᠡ︶ 
ᠢᠷᠡᠯᠲᠡ᠄ ᠲᠣᠲᠣᠷᠬᠠᠢ ᠦᠭᠡᠢ