ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠬᠢᠷᠠᠯ ᠠᠮᠰᠠᠭᠴᠢ ᠶᠢᠨ ᠪᠥᠬᠦ ᠬᠤᠬᠢᠷᠠᠯ ᠢ ᠡᠭᠡᠭᠦᠯᠦᠨ ᠠᠪᠴᠢᠷᠠᠨ ᠦᠭᠴᠦ ᠬᠡᠮᠡᠷᠯᠢᠭ ᠲᠤᠭ ᠣᠯᠣᠭᠰᠠᠨ ᠪᠠᠶᠢᠨ᠎ᠠ
ᠨᠡᠶᠢᠲᠡᠯᠡᠭᠰᠡᠨ ᠴᠠᠭ᠄
2022/6/21
      ᠣᠶᠢᠷ᠎ᠠ ᠳᠤ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠨᠢᠭᠡᠨ ᠬᠤᠬᠢᠷᠠᠯ ᠠᠮᠰᠠᠭᠴᠢ ᠳᠤ ᠮᠡᠬᠡᠯᠡᠭᠳᠡᠭᠰᠡᠨ 35000 ᠲᠥᠭᠦᠷᠢᠭ ᠵᠤᠭᠤᠰ ᠢ ᠨᠢ ᠪᠦᠬᠦᠨ ᠢ ᠡᠬᠡᠭᠦᠯᠦᠨ ᠥᠭᠭᠦᠭᠰᠡᠨ ᠪᠠᠶᠢᠨ᠎ᠠ᠃      2022 ᠣᠨ ᠤ 3 ᠳ᠋ᠤᠭᠠᠷ ᠰᠠᠷ᠎ᠠ ᠶᠢᠨ 8 ᠤ ᠡᠳᠦᠷ᠂ ᠬᠠᠷᠢᠶᠠᠲᠤ ᠳᠤᠭᠤᠷᠢᠭ ᠤᠨ ᠰᠠᠭᠤᠭᠠᠯᠢ ᠠᠷᠠᠳ ᠴᠤᠤ ᠣᠪᠣᠭᠲᠤ᠂ ᠨᠢᠬᠡ ᠬᠥᠮᠦᠨ ᠰᠦᠯᠵᠢᠶᠡᠨ ᠳᠡᠭᠡᠷ᠎ᠡ ᠵᠢᠭᠡᠯᠡᠯᠭᠡ ᠶᠢᠨ ᠨᠡᠷ᠎ᠡ ᠪᠠᠷ 35000 ᠲᠥᠭᠦᠷᠢᠭ ᠵᠤᠭᠤᠰ ᠢ ᠨᠢ ᠮᠡᠬᠡᠯᠡᠵᠠᠢ ᠭᠡᠰᠡᠨ ᠬᠡᠷᠡᠭ ᠮᠡᠳᠡᠭᠦᠯᠵᠡᠢ᠃ ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠥᠬᠡᠶ︾ ᠬᠡᠬᠦ ᠣᠪᠣᠷ ᠢᠶᠠᠷ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠪᠠᠶᠢᠴᠠᠭᠠᠯᠲᠠ ᠬᠢᠵᠦ᠂ ᠬᠠᠩᠵᠧᠦ ᠬᠤᠲᠠ᠂ ᠾᠧᠹᠧᠢ ᠬᠤᠲᠠ ᠵᠡᠷᠭᠡ ᠭᠠᠵᠠᠷ ᠲᠤ ᠬᠦᠷᠴᠦ ᠪᠠᠶᠢᠴᠠᠭᠠᠨ ᠭᠡᠷᠡᠴᠢ ᠠᠪᠤᠭᠰᠠᠨ ᠪᠥᠭᠡᠳ ᠬᠡᠷᠡᠭ ᠲᠤ ᠬᠤᠯᠪᠣᠭᠳᠠᠭᠰᠠᠨ ᠬᠤᠶᠠᠷ ᠰᠡᠵᠢᠭᠳᠡᠨ ᠢ ᠠᠮᠵᠢᠯᠲᠠ ᠲᠠᠢ ᠪᠠᠷ ᠪᠠᠷᠢᠪᠴᠢᠯᠠᠪᠠ᠃       ᠬᠤᠬᠢᠷᠠᠯ ᠠᠮᠰᠠᠭᠴᠢ ᠶᠢᠨ ᠬᠤᠬᠢᠷᠠᠯ ᠢ ᠡᠭᠡᠭᠦᠯᠦᠨ ᠠᠪᠴᠢᠷᠠᠬᠤ ᠶᠢᠨ ᠲᠥᠯᠥᠭᠡ᠂ ᠠᠷᠠᠳ ᠤᠨ ᠴᠠᠭᠳᠠᠭ᠎ᠠ ᠶᠠᠯ᠎ᠠ ᠬᠢᠭᠰᠡᠨ ᠰᠡᠵᠢᠭᠯᠡᠯᠲᠡᠶ ᠬᠥᠮᠦᠨ ᠳᠤ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠶᠠᠷᠢᠵᠤ ᠤᠬᠠᠭᠤᠯᠭ᠎ᠠ ᠬᠥᠮᠦᠵᠢᠯ ᠬᠢᠬᠦ ᠪᠠᠷ ᠳᠡᠮᠵᠢᠨ᠂ ᠶᠠᠯ᠎ᠠ ᠬᠢᠭᠰᠡᠨ ᠰᠡᠵᠢᠭᠯᠡᠯᠲᠡᠶ ᠬᠥᠮᠦᠨ ᠮᠡᠬᠡᠯᠡᠵᠦ ᠤᠯᠤᠭᠰᠠᠨ ᠵᠣᠭᠤᠰ ᠢ ᠰᠠᠨᠠᠭᠠᠴᠢᠯᠠᠭ᠎ᠠ ᠠᠴᠠ ᠪᠠᠨ ᠬᠤᠬᠢᠷᠠᠯ ᠠᠮᠰᠠᠭᠴᠢ ᠳᠤ ᠪᠤᠴᠠᠭᠠᠬᠤ ᠪᠠᠨ ᠢᠯᠡᠳᠬᠡᠪᠡ᠃ ᠣᠶᠢᠷ᠎ᠠ ᠳᠤ᠂ ᠠᠷᠠᠳ ᠤᠨ ᠴᠠᠭᠳᠠᠭ᠎ᠠ ᠮᠡᠬᠡᠯᠡᠭᠳᠡᠭᠰᠡᠨ ᠵᠣᠭᠤᠰ ᠢ ᠨᠢ ᠪᠦᠬᠦᠨ ᠢ ᠬᠤᠬᠢᠷᠠᠯ ᠠᠮᠰᠠᠭᠴᠢ ᠳᠤ ᠪᠤᠴᠠᠭᠠᠨ ᠥᠭᠪᠡ᠃      ︽ᠠᠷᠠᠳ ᠤᠨ ᠴᠠᠭᠳᠠᠭ᠎ᠠ ᠶᠢᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠮᠠᠨᠤᠰ ᠤᠨ ᠮᠡᠬᠡᠯᠡᠭᠳᠡᠭᠰᠡᠨ ᠵᠣᠭᠤᠰ ᠮᠥᠩᠭᠦ ᠶᠢ ᠨᠡᠬᠡᠮᠵᠢᠯᠡᠨ ᠠᠪᠴᠢᠷᠠᠭᠰᠠᠨ ᠳᠤ ᠲᠠᠯᠠᠷᠬᠠᠵᠤ ᠪᠠᠶᠢᠨ᠎ᠠ︾ ᠭᠡᠵᠦ ᠬᠤᠬᠢᠷᠠᠯ  ᠠᠮᠰᠠᠭᠴᠢ ᠲᠦᠢᠯ ᠢᠶᠠᠷ ᠳᠣᠭᠳᠣᠯᠤᠭᠰᠠᠨ ᠪᠥᠭᠡᠳ ᠬᠡᠷᠡᠭ ᠰᠢᠶᠳᠪᠦᠷᠢᠯᠡᠭᠰᠡᠨ ᠠᠷᠠᠳ ᠤᠨ ᠴᠠᠭᠳᠠᠭ᠎ᠠ ᠳᠤ ᠬᠡᠮᠡᠷᠯᠢᠭ ᠲᠤᠭ ᠬᠦᠷᠭᠡᠵᠦ ᠲᠠᠯᠠᠷᠬᠠᠯ ᠢᠶᠠᠨ ᠢᠯᠡᠳᠬᠡᠭᠰᠡᠨ ᠪᠠᠶᠢᠨ᠎ᠠ᠃      ᠣᠶᠢᠷ᠎ᠠ ᠶᠢᠨ ᠵᠢᠯ ᠳᠤ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ︽ᠶᠡᠭᠡ ᠬᠡᠷᠡᠭ ᠢ ᠰᠢᠶᠳᠪᠦᠷᠢᠯᠡᠬᠦ ᠮᠥᠷᠲᠡᠭᠡᠨ ᠪᠠᠭ᠎ᠠ ᠬᠡᠷᠡᠭ ᠢ ᠴᠦ ᠬᠠᠮᠢᠶᠠᠷᠬᠤ︾ ᠦᠵᠡᠯ ᠰᠠᠨᠠᠭ᠎ᠠ ᠶᠢ ᠪᠠᠳᠤᠳᠬᠠᠵᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠪᠠᠷ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠵᠤ᠂ ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡ ᠪᠠᠷ ᠴᠢᠬᠤᠯᠠᠴᠢᠯᠠᠬᠤ᠂ ᠬᠠᠮᠢᠶᠠᠷᠤᠨ ᠡᠵᠡᠮᠳᠡᠬᠦ ᠶᠢ ᠤᠶᠠᠯᠳᠤᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠭᠰᠠᠨ ᠪᠠᠶᠢᠨ᠎ᠠ᠃( ᠰᠠᠶᠢᠬᠠᠨᠲᠠᠯ᠎ᠠ ᠪᠠᠯᠭᠠᠰᠤᠨ ᠤ ᠲᠤᠮᠢᠯᠠᠭᠰᠠᠨ ᠰᠠᠯᠪᠤᠷᠢ   ᠰᠤᠪᠤᠳᠤᠩᠬᠤᠸᠠᠷ)
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ