ᠬᠠᠤᠯᠢ ᠶᠢ ᠲᠦᠭᠡᠮᠡᠯᠵᠢᠭᠦᠯᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠶ᠎ᠠ
ᠨᠡᠶᠢᠲᠡᠯᠡᠭᠰᠡᠨ ᠴᠠᠭ᠄
2022/6/21
      ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠵᠤ᠂ ᠨᠠᠰᠤᠨ ᠳᠤ ᠥᠯᠥ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠶᠢᠨ ᠲᠥᠯᠥᠭᠡ᠂ 5 ᠰᠠᠷ᠎ᠠ ᠶᠢᠨ 17᠂ 18 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠬᠠᠤᠯᠢ ᠶᠢ ᠲᠦᠭᠡᠮᠡᠯᠵᠢᠭᠦᠯᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠷᠢᠳ ᠬᠤᠵᠢᠳ ᠵᠢᠯᠣᠭᠤᠴᠢ ᠶᠢᠨ ᠰᠢᠯᠭᠠᠯᠲᠠ ᠶᠢᠨ ᠲᠥᠪ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠪᠠ ᠪᠠᠶᠠᠨᠮᠠᠩᠬ᠎ᠠ ᠶᠢᠨ ᠭᠤᠤᠯ ᠰᠤᠷᠭᠠᠭᠤᠯᠢ ᠳᠤ ᠵᠠᠮ ᠬᠠᠷᠢᠯᠴᠠᠭᠠᠨ ᠤ ᠠᠮᠤᠷ ᠲᠦᠪᠰᠢᠨ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠵᠡᠷᠭᠡ ᠮᠡᠳᠡᠯᠭᠡ ᠶᠢ ᠤᠬᠠᠭᠤᠯᠵᠤ᠂ ᠤᠯᠤᠰ ᠲᠥᠷᠥ ᠶᠢᠨ ᠠᠵᠢᠯ ᠤᠨ ᠠᠯᠪᠠᠨ ᠬᠡᠷ᠂ ᠲᠣᠪᠴᠢᠶ᠎ᠠ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠪᠠᠶᠠᠨᠮᠠᠩᠬ᠎ᠠ ᠶᠢᠨ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠠᠤᠯᠢᠵᠢᠯ ᠤᠨ ᠤᠯᠠᠭᠠᠨᠮᠥ᠋ᠴᠢᠷ ᠵᠢᠴᠢ ᠰᠤᠷᠭᠠᠭᠤᠯᠢ ᠶᠢᠨ ᠪᠠᠭᠰᠢ ᠰᠤᠷᠤᠭᠴᠢ᠂ ᠰᠤᠷᠤᠯᠭᠠᠲᠠᠨ 1000 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ᠃
微信图片_20220526182555.jpg
      ᠵᠢᠯᠣᠭᠤᠴᠢ ᠶᠢᠨ ᠰᠢᠯᠭᠠᠯᠲᠠ ᠶᠢᠨ ᠲᠥᠪ ᠲᠤ᠂ ᠲᠣᠪᠴᠢᠶ᠎ᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠪᠦᠦ ᠶᠢᠨ ᠼᠠᠢ ᠰᠤᠷᠤᠭᠴᠢᠳ ᠲᠤ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢ ᠰᠤᠷᠤᠯᠴᠠᠨ ᠵᠢᠷᠤᠮᠯᠠᠬᠤ ᠶᠢᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠲᠠᠶᠢᠯᠪᠤᠷᠢᠯᠠᠵᠤ᠂ ᠣᠯᠠᠨ ᠢ ᠵᠢᠯᠣᠭᠤᠴᠢ ᠶᠢᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠤ ᠪᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠴᠢᠶᠡᠯ ᠢ ᠵᠠᠪᠠᠯ ᠰᠤᠷᠬᠤ ᠬᠢᠴᠢᠶᠡᠯ ᠪᠣᠯᠭᠠᠨ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠬᠥᠮᠦᠵᠢᠭᠦᠯᠪᠡ︔ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠭᠡᠷᠡᠯᠲᠦ ᠰᠤᠷᠤᠭᠴᠢᠳ ᠲᠤ ᠨᠢᠭᠡ ᠠᠮᠢᠳᠤᠯᠢᠭ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠴᠢᠶᠡᠯ ᠣᠷᠣᠪᠠ᠃ ᠲᠡᠷᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠠᠴᠠ ᠭᠠᠷᠳᠠᠵᠤ᠂ ᠵᠢᠯᠣᠭᠤᠴᠢ ᠶᠢᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠢᠴᠢᠶᠡᠯ ᠲᠠᠢ ᠤᠶᠠᠯᠳᠤᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠤᠷᠤᠭᠴᠢᠳ ᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠳᠡᠯ ᠠᠴᠠ ᠬᠤᠯᠠ ᠵᠠᠶᠢᠯᠠᠬᠤ ᠬᠡᠷᠡᠭᠲᠡᠢ ᠭᠡᠵᠦ ᠬᠥᠮᠦᠵᠢᠭᠦᠯᠪᠡ᠃
微信图片_20220526182558.jpg
      ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠪᠣᠯᠣᠨ ᠪᠠᠶᠠᠨᠮᠠᠩᠬ᠎ᠠ ᠭᠤᠤᠯ ᠰᠤᠷᠭᠠᠭᠤᠯᠢ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠭᠡᠷᠡᠯᠲᠦ ᠨᠠᠷᠢᠨ ᠨᠢᠮᠪᠠᠶ ᠪᠡᠯᠡᠳᠬᠡᠨ᠂︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠠᠴᠠ ᠭᠠᠷᠳᠠᠵᠤ᠂ ᠰᠤᠷᠭᠠᠭᠤᠯᠢ ᠶᠢᠨ ᠡᠷᠬᠢᠨ ᠲᠣᠭᠤᠷᠢᠨ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠲᠠᠢ ᠤᠶᠠᠯᠳᠤᠭᠤᠯᠤᠨ᠂ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠦᠨᠳᠦ ᠨᠣᠴᠢᠲᠠᠶ ᠬᠤᠤᠷ ᠬᠥᠨᠥᠭᠡᠯᠲᠦ ᠴᠢᠨᠠᠷ ᠢ ᠲᠣᠳᠣᠷᠬᠠᠶᠢᠯᠠᠨ ᠥᠭᠦᠯᠡᠬᠦ ᠶᠢᠨ ᠬᠠᠮᠲᠤ᠂ ᠮᠠᠨ ᠤ ᠬᠤᠰᠢᠭᠤᠨ ᠤ ᠰᠤᠷᠭᠠᠭᠤᠯᠢ ᠶᠢᠨ ᠡᠷᠬᠢᠨ ᠲᠣᠭᠤᠷᠢᠨ ᠳᠤ ᠡᠭᠦᠰᠦᠭᠰᠡᠨ ᠵᠠᠮ ᠬᠠᠷᠢᠯᠴᠠᠭᠠᠨ ᠤ ᠠᠳᠡᠯ ᠤᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠤᠷᠤᠭᠴᠢᠳ ᠢ ᠬᠥᠮᠦᠵᠢᠭᠦᠯᠦᠨ᠂ ᠲᠡᠳᠡᠨ ᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠳᠡᠯ ᠠᠴᠠ ᠬᠤᠯᠠ ᠵᠠᠶᠢᠯᠠᠬᠤ ᠬᠡᠷᠡᠭᠲᠡᠢ ᠭᠡᠵᠦ ᠬᠥᠮᠦᠵᠢᠭᠦᠯᠪᠡ᠃       ᠡᠨᠡ ᠬᠤᠭᠤᠴᠠᠭᠠᠨ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠠᠤᠯᠢᠵᠢᠯ ᠤᠨ ᠤᠯᠠᠭᠠᠨᠮᠥ᠋ᠴᠢᠷ ᠰᠤᠷᠤᠭᠴᠢᠳ ᠲᠤ ᠬᠤᠯᠪᠣᠭ᠎ᠠ︽ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ︾᠂ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ︾ ᠵᠡᠷᠭᠡ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠭᠤᠶᠢᠳᠠ ᠰᠠᠶᠢᠬᠠᠨ ᠲᠣᠭᠯᠠᠯᠲᠠ ᠨᠢ ᠰᠤᠷᠤᠭᠴᠢᠳ ᠤᠨ ᠳᠤᠷ᠎ᠠ ᠰᠣᠨᠢᠷᠬᠠᠯ ᠢ ᠬᠥᠭᠵᠢᠭᠡᠵᠦ᠂ ᠲᠣᠭᠯᠠᠯᠲᠠ ᠪᠠᠷ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠪᠠ᠃
微信图片_20220526183129.jpg
      ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤᠮᠳᠠ ᠴᠠᠭᠳᠠᠭ᠎ᠠ ᠶᠢᠨ ᠬᠦᠴᠦᠨ ︵ᠰᠠᠶᠢᠨ ᠳᠤᠷᠠᠴᠤᠤᠯ︶ 30 ᠭᠠᠷᠤᠶ ᠬᠥᠮᠦᠨ ᠤᠳᠠᠭ᠎ᠠ ᠣᠷᠣᠯᠴᠠᠵᠤ᠂ 2 ᠴᠠᠭᠳᠠᠭᠠᠨ ᠤ ᠲᠡᠷᠭᠡ ᠶᠢ ᠬᠥᠳᠡᠯᠭᠡᠨ ᠬᠡᠷᠡᠭᠯᠡᠵᠦ᠂ ︽ᠰᠣᠷᠣᠭᠴᠢ ᠶᠢᠨ ᠬᠡᠷ ᠤᠨ ᠠᠬᠠᠮᠠᠳ ᠲᠤ ᠥᠭᠭᠦᠭᠰᠡᠨ ᠨᠢᠭᠡ ᠬᠤᠪᠢ ᠵᠠᠬᠢᠳᠠᠯ︾᠂ ︽ᠠᠮᠢ ᠨᠠᠰᠤ ᠪᠠᠨ ᠨᠠᠨᠳᠢᠩᠨᠠᠨ ᠬᠠᠶᠢᠷᠠᠯᠠᠵᠤ ᠵᠠᠮ ᠬᠠᠷᠢᠯᠴᠠᠭᠠᠨ ᠤ ᠠᠳᠡᠯ ᠠᠴᠠ ᠬᠤᠯᠠ ᠵᠠᠶᠢᠯᠠᠶ᠎ᠠ︾᠂ ︽ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ ᠲᠤᠬᠠᠶ ᠮᠡᠳᠡᠪᠡᠯ ᠵᠣᠬᠢᠬᠤ ᠮᠡᠳᠡᠯᠭᠡ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠶ ᠬᠤᠪᠢ ᠲᠠᠷᠬᠠᠭᠠᠪᠠ᠃
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ