ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2022 ᠣᠨ ᠤ ᠤᠯᠤᠰ ᠲᠥᠷᠥ ᠶᠢᠨ ᠡᠭᠡᠯᠵᠢᠲᠦ ᠪᠣᠯᠪᠠᠰᠤᠷᠠᠯ ᠵᠢᠴᠢ ᠪᠥᠬᠦ ᠴᠠᠭᠳᠠᠭᠠᠨ ᠤ ᠪᠣᠳᠠᠲᠤ ᠪᠠᠶᠢᠯᠳᠤᠭᠠᠨ ᠤ ᠶᠡᠭᠡ ᠪᠤᠯᠪᠠᠰᠤᠷᠠᠭᠤᠯᠤᠯ ᠤᠨ ᠨᠢᠬᠡᠳᠦᠯᠳᠡᠢ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠡᠷᠭᠢᠯᠡᠪᠡ
ᠨᠡᠶᠢᠲᠡᠯᠡᠭᠰᠡᠨ ᠴᠠᠭ᠄
2022/6/21
      5 ᠳ᠋ᠤᠭᠠᠷ ᠰᠠᠷ᠎ᠠ ᠶᠢᠨ 16 ᠤ ᠦᠳᠡ ᠶᠢᠨ ᠡᠮᠦᠨ᠎ᠡ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 2022 ᠣᠨ ᠤ ᠤᠯᠤᠰ ᠲᠥᠷᠥ ᠶᠢᠨ ᠡᠭᠡᠯᠵᠢᠲᠦ ᠪᠣᠯᠪᠠᠰᠤᠷᠠᠯ ᠵᠢᠴᠢ ᠪᠥᠬᠦ ᠴᠠᠭᠳᠠᠭᠠᠨ ᠤ ᠪᠣᠳᠠᠲᠤ ᠪᠠᠶᠢᠯᠳᠤᠭᠠᠨ ᠤ ᠶᠡᠭᠡ ᠪᠤᠯᠪᠠᠰᠤᠷᠠᠭᠤᠯᠤᠯ ᠤᠨ ᠠᠵᠢᠯᠯᠠᠭ᠎ᠠ ᠶᠢᠨ ᠨᠢᠬᠡᠳᠦᠬᠡᠷ ᠬᠤᠭᠤᠴᠠᠭᠠᠨ ᠤ ᠨᠢᠬᠡᠳᠦᠯᠳᠡᠢ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠨᠢ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠨᠠᠮ ᠤᠨ ᠰᠤᠷᠭᠠᠭᠤᠯᠢ ᠳᠤ ᠶᠠᠪᠤᠭᠳᠠᠵᠤ᠂ ᠰᠤᠷᠤᠯᠭ᠎ᠠ ᠡᠬᠢᠯᠡᠬᠦ ᠶᠣᠰᠣᠯᠠᠯ ᠢ ᠳᠡᠳ᠋ ᠲᠣᠪᠴᠢᠶᠠᠨ ᠳᠠᠷᠤᠭ᠎ᠠ ᠬᠠᠳᠠ ᠡᠷᠭᠢᠯᠡᠬᠦ ᠶᠢᠨ ᠬᠠᠮᠲᠤ ᠠᠩᠭᠢ ᠡᠬᠢᠯᠡᠬᠦ ᠶᠠᠷᠢᠶ᠎ᠠ ᠳᠠᠯᠪᠢᠪᠠ᠃ ᠤᠯᠤᠰ ᠲᠥᠷᠥ ᠶᠢᠨ ᠡᠭᠡᠯᠵᠢᠲᠦ ᠪᠣᠯᠪᠠᠰᠤᠷᠠᠯ ᠵᠢᠴᠢ ᠪᠥᠬᠦ ᠴᠠᠭᠳᠠᠭᠠᠨ ᠤ ᠪᠣᠳᠠᠲᠤ ᠪᠠᠶᠢᠯᠳᠤᠭᠠᠨ ᠤ ᠶᠡᠭᠡ ᠪᠤᠯᠪᠠᠰᠤᠷᠠᠭᠤᠯᠤᠯ ᠤᠨ ᠠᠵᠢᠯᠯᠠᠭ᠎ᠠ ᠶᠢᠨ ᠨᠢᠬᠡᠳᠦᠬᠡᠷ ᠬᠤᠭᠤᠴᠠᠭᠠᠨ ᠤ ᠰᠤᠷᠤᠯᠭᠠᠳᠠᠨ ᠶᠣᠰᠣᠯᠠᠯ ᠳᠤ ᠣᠷᠣᠯᠴᠠᠪᠠ᠃
微信图片_20220516111157.jpg
     ᠬᠤᠷᠠᠯ ᠳᠡᠭᠡᠷ᠎ᠡ᠂ ᠨᠢᠭᠡᠳᠦᠭᠡᠷ ᠵᠥᠪᠯᠡᠬᠦ ᠵᠦᠢᠯ ᠤᠨ ᠳᠦᠷᠢᠮ ᠢ ᠪᠠᠷᠢᠮᠲᠠᠯᠠᠵᠤ᠂ ᠳᠡᠳ᠋ ᠲᠣᠪᠴᠢᠶᠠᠨ ᠳᠠᠷᠤᠭ᠎ᠠ ᠬᠠᠳᠠ ᠠᠴᠠ ︽ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠲᠤᠬᠠᠢ ᠥᠭᠦᠯᠡᠬᠦ ᠨᠢ︾ ᠭᠡᠬᠦ ᠨᠣᠮ ᠢ ᠳᠠᠭᠠᠭᠤᠯᠤᠨ ᠰᠤᠷᠤᠯᠴᠠᠬᠤ ᠶᠢᠨ ᠬᠠᠮᠲᠤ ᠪᠤᠯᠪᠠᠰᠤᠷᠠᠭᠤᠯᠤᠯ ᠳᠤ ᠤᠷᠤᠯᠴᠠᠭᠰᠠᠳ ᠪᠠ ᠬᠤᠯᠪᠣᠭᠳᠠᠯ ᠪᠦᠬᠦᠢ ᠰᠠᠬᠢᠯᠭ᠎ᠠ ᠪᠠᠲᠤ ᠲᠣᠭᠲᠠᠭᠠᠯ ᠤᠨ ᠲᠠᠯ᠎ᠠ ᠪᠠᠷ ᠱᠠᠭᠠᠷᠳᠠᠯᠭ᠎ᠠ ᠳᠤᠷᠠᠳᠪᠠ᠃     ᠬᠤᠷᠠᠯ ᠠᠴᠠ᠂ ᠨᠢᠭᠡ ᠳᠤ᠂ ᠬᠠᠮᠤᠭ ᠤᠨ ᠳᠡᠭᠡᠳᠦ ᠵᠣᠭᠰᠣᠴᠠ ᠶᠢ ᠪᠠᠷᠢᠮᠲᠠᠯᠠᠵᠤ᠂ ᠬᠠᠷᠢᠭᠤᠴᠠᠯᠭ᠎ᠠ  ᠡᠭᠦᠷᠭᠡᠯᠡᠯ  ᠢᠶᠠᠨ  ᠴᠢᠩᠭᠠᠳᠬᠠᠬᠤ  ᠬᠡᠷᠡᠭᠲᠡᠢ ᠃  ᠬᠤᠶᠠᠷ ᠲᠤ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠣᠶᠢᠯᠠᠭᠠᠬᠤ ᠶᠢ ᠪᠠᠷᠢᠮᠲᠠᠯᠠᠵᠤ᠂ ᠬᠡᠪ ᠪᠣᠯᠪᠠᠰᠤᠷᠠᠯ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠴᠢᠩᠭ᠎ᠠ ᠬᠠᠮᠢᠶᠠᠷᠬᠤ ᠶᠢ ᠪᠠᠷᠢᠮᠲᠠᠯᠠᠵᠤ᠂ ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃ ᠳᠥᠷᠪᠡ ᠳᠤ᠂ ᠳᠥᠷᠪᠡᠨ ᠲᠡᠮᠦᠷ ᠮᠡᠲᠦ ᠪᠠᠶᠢᠬᠤ ᠪᠠᠷᠢᠮᠵᠢᠶ᠎ᠠ ᠶᠢ ᠪᠠᠷᠢᠮᠲᠠᠯᠠᠵᠤ᠂ ᠬᠠᠳᠠᠭᠤᠵ‍‌ᠵᠡ ᠴᠠᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠶ᠃
微信图片_20220516111211.jpg
     ᠡᠭᠡᠯᠵᠢᠯᠡᠨ ᠪᠣᠯᠪᠠᠰᠤᠷᠠᠭᠤᠯᠬᠤ ᠠᠩᠭᠢ ᠶᠢᠨ ᠨᠢᠭᠡᠳᠦᠭᠡᠷ ᠬᠢᠴᠢᠶᠡᠯ ᠳᠤ ᠰᠥᠨᠢᠳ ᠪᠠᠷᠠᠭᠤᠨ ᠬᠤᠰᠢᠭᠤᠨ ᠤ ᠨᠠᠮ ᠤᠨ ᠰᠤᠷᠭᠠᠭᠤᠯᠢ ᠶᠢᠨ ᠯᠧᠺᠲ᠋ᠣᠷ  ᠪᠤᠥ ᠶᠢᠨ ᠹᠧᠩ ᠢ ᠤᠷᠢᠨ ᠬᠢᠴᠢᠶᠡᠯᠯᠡᠭᠦᠯᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠴᠢᠬᠤᠯᠠ ᠠᠴᠢ ᠬᠤᠯᠪᠣᠭᠳᠠᠯ ᠪᠠ ᠦᠶᠯᠡᠳᠦᠯᠭᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠲᠥᠪ ᠤᠨ ᠦᠨᠳᠦᠰᠦᠲᠡᠨ ᠤ ᠠᠵᠢᠯ ᠤᠨ ᠤᠳᠠᠭ᠎ᠠ ᠪᠦᠷᠢ ᠶᠢᠨ ᠬᠤᠷᠠᠯ ᠢ ᠡᠷᠭᠢᠴᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠬᠡᠷᠬᠢᠨ ᠰᠠᠶᠢᠲᠤᠷ ᠬᠢᠬᠦ ᠵᠢᠴᠢ 2021 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠠᠶᠢᠯᠪᠤᠷᠢᠯᠠᠬᠤ ᠭᠤᠷᠪᠠᠨ ᠲᠠᠯ᠎ᠠ ᠪᠠᠷ ᠭᠤᠤᠯᠳᠠᠭᠤᠯᠵᠤ᠂ ᠪᠥᠬᠦ ᠰᠤᠷᠤᠭᠴᠢᠳ ᠲᠤ ᠭᠤᠶᠢᠳᠠ ᠰᠠᠶᠢᠬᠠᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠪᠠ᠃     ᠲᠠᠶᠢᠯᠤᠮᠵᠢ ᠨᠢ ᠪᠥᠬᠦ ᠲᠠᠯ᠎ᠠ ᠪᠠᠷ ᠰᠢᠰᠲ᠋ᠧᠮ ᠲᠠᠢ᠂ ᠠᠭᠤᠯᠤᠭᠳᠠᠬᠤᠨ ᠨᠢ ᠡᠯᠪᠡᠭ ᠪᠠᠶᠠᠯᠢᠭ᠂ ᠦᠭᠡ ᠶᠠᠷᠢᠶ᠎ᠠ ᠨᠢ ᠠᠮᠢᠳᠤᠯᠢᠭ ᠪᠠᠶᠢᠵᠤ᠂ ᠲᠠᠶᠢᠯᠤᠮᠵᠢ ᠶᠢ ᠰᠣᠨᠣᠰᠬᠤ ᠪᠠᠷ ᠳᠡᠮᠵᠢᠨ ᠠᠷᠠᠳ ᠤᠨ ᠴᠠᠭᠳᠠᠭ᠎ᠠ ᠨᠠᠷ ᠲᠤ ᠶᠡᠷᠦᠩᠬᠡᠶ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠲᠤᠬᠠᠶ ᠴᠢᠬᠤᠯᠠ ᠶᠡᠭᠡ ᠤᠤᠭᠠᠯ ᠴᠢᠨᠠᠷᠲᠠᠶ ᠥᠭᠦᠯᠡᠯᠲᠡ ᠶᠢᠨ ᠠᠯᠤᠰ ᠬᠡᠲᠦ ᠶᠢᠨ ᠪᠣᠳᠠᠲᠤ ᠠᠴᠢ ᠬᠤᠯᠪᠣᠭᠳᠠᠯ ᠢ ᠭᠦᠶᠴᠡᠳ ᠲᠠᠨᠢᠭᠤᠯᠪᠠ᠃ ᠪᠣᠯᠪᠠᠰᠤᠷᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ᠂ ᠪᠣᠳᠠᠲᠤ ᠠᠵᠢᠯᠯᠠᠭ᠎ᠠ ᠪᠠᠷ ᠢᠶᠠᠨ ᠳᠣᠲᠣᠭᠠᠳᠤ ᠶᠢ ᠬᠠᠮᠠᠭᠠᠯᠠᠬᠤ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠠᠢ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠨᠦᠭᠦᠳ ᠠᠨᠠᠷ ᠤᠨ ᠦᠷ᠎ᠡ ᠮᠡᠨᠳᠦ ᠪᠦᠯᠬᠦᠮᠳᠡᠨ ᠨᠢᠭᠲᠠᠷᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ